ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠭᠦᠢᠴᠡᠳ ᠪᠦᠭᠡᠳ ᠴᠢᠨᠠᠷ ᠰᠠᠶᠢᠲᠠᠶ ᠠᠵᠢᠯ ᠣᠯᠭᠤᠬᠤ ᠶᠢ ᠠᠬᠢᠭᠤᠯᠵᠤ ᠪᠤᠢ | ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠸᠠᠩ ᠵᠥᠩ ᠵᠧᠤ︶ ᠲᠦᠷᠦᠭᠦᠬᠡᠨ᠂ 2021 ᠣᠨ ᠤ ᠪᠥᠬᠦ ᠣᠷᠣᠨ ᠤ | ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠤᠨ ᠰᠦᠯᠵᠢᠶᠡᠨ ᠤ ᠸᠢᠳᠢᠣ᠋ ᠬᠤᠷᠠᠯ ᠬᠤᠷᠠᠯᠳᠤᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠬᠡᠪᠴᠢᠶ᠎ᠡ ᠵᠢᠱᠢᠯᠲᠡ ᠪᠠᠷ 14 | ᠲᠦᠮᠡᠨ ᠬᠥᠮᠦᠨ ᠢ ᠳᠠᠪᠠᠵᠤ᠂ ᠲᠤᠯᠭᠠᠷᠠᠵᠤ ᠪᠠᠶᠢᠭ᠎ᠠ ᠠᠵᠢᠯ ᠣᠯᠭᠤᠯᠲᠠ ᠶᠢᠨ ᠪᠠᠶᠢᠳᠠᠯ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠵᠤ᠂ ᠮᠠᠨ ᠤ ᠣᠷᠣᠨ | ᠪᠠᠰᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ 2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ | ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠪᠠᠷ ᠪᠣᠶ᠃ | ᠨᠢᠭᠡ ᠳᠤ᠂ ᠰᠤᠷᠭᠠᠭᠤᠯᠢ ᠲᠡᠭᠦᠰᠦᠭᠰᠡᠳ ᠲᠤ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠵᠤ᠂ ᠰᠤᠷᠭᠠᠭᠤᠯᠢ ᠲᠡᠭᠦᠰᠦᠭᠰᠡᠳ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠪᠠᠷ ᠬᠦᠭᠵᠢᠭᠰᠡᠨ ᠬᠦᠷᠢᠶ᠎ᠠ ᠴᠠᠷᠠᠭ᠎ᠠ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ᠠᠵᠢᠯ | ᠣᠯᠭᠤᠵᠤ᠂ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠬᠤ ᠶᠢ ᠳᠠᠶᠢᠴᠢᠯᠠᠨ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠤᠰᠠᠯᠠᠭᠴᠢ ᠶᠢᠨ ᠠᠵᠢᠯ ᠤᠨ ᠪᠠᠶᠢᠷᠢ ᠳᠤ ᠠᠵᠢᠯᠳᠠᠨ ᠡᠯᠰᠡᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ 2021 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠳᠠᠨ ᠰᠢᠯᠭᠠᠵᠤ ᠡᠯᠰᠡᠬᠦ ᠠᠵᠢᠯ ᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠣᠶᠤᠨᠳᠤ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ ᠦᠢᠯᠡᠰ ᠤᠨ ᠪᠦᠯᠦᠭᠵᠢᠯ᠂ ᠠᠵᠢᠯ | ᠲᠦᠷᠦᠯ ᠣᠷᠣᠨ ᠨᠤᠲᠤᠭ ᠤᠨ ᠵᠤᠯᠭᠠᠯᠴᠠᠭᠤᠯᠤᠯᠳᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠠᠴᠠ ᠡᠯᠰᠡᠭᠦ ᠠᠵᠢᠯ ᠤᠨ ᠪᠠᠶᠢᠷᠢ ᠶᠢᠨ ᠨᠡᠮᠡᠭᠳᠡᠬᠦ ᠠᠴᠠ | ᠪᠢᠰᠢ ᠬᠠᠰᠤᠭᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠰᠤᠷᠭᠠᠨ ᠬᠥᠮᠦᠵᠢᠯ ᠬᠢᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠢ | ᠬᠠᠷᠢᠯᠴᠠᠨ ᠬᠤᠯᠪᠣᠯᠳᠤᠭᠤᠯᠵᠤ ᠬᠠᠷᠢᠯᠴᠠᠨ ᠨᠡᠪᠲᠡᠷᠡᠯᠴᠡᠬᠦᠯᠭᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ︽ᠭᠤᠷᠪᠠᠨ ᠬᠢᠴᠢᠶᠡᠯ ᠲᠦᠷᠦᠯ︾ ᠤᠨ | ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ ᠲᠤᠰᠬᠠᠶ ᠲᠠᠯᠠᠪᠠᠢ ᠤᠷᠢᠵᠤ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠭᠤᠷᠪᠠᠨ ᠬᠢᠴᠢᠶᠡᠯ | ᠲᠦᠷᠦᠯ︾ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ ᠨᠠᠷᠢᠯᠢᠭ | ᠨᠠᠶᠢᠳᠠᠪᠤᠷᠢᠵᠢᠭᠤᠯᠬᠤ ᠬᠡᠷᠡᠭᠲᠡᠶ᠃ ᠲᠠᠪᠤ ᠳᠤ᠂ ︽ᠤᠮᠠᠷᠠᠲᠤ ᠬᠢᠯᠢ ᠶᠢᠨ ᠠᠵᠢᠯ ᠣᠯᠭᠤᠬᠤ ᠰᠦᠯᠵᠢᠶ᠎ᠡ︾ ᠶᠢᠨ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠠᠯᠪᠤᠷᠢ ᠥᠷᠲᠡᠭᠡ ᠶᠢᠨ | ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠷᠭᠤᠭ᠎ᠠ ᠳᠤ᠂ ᠵᠢᠯᠣᠭᠤᠳᠤᠨ ᠦᠢᠯᠡᠴᠢᠯᠡᠬᠦ ᠬᠢᠷᠢ ᠲᠦᠪᠰᠢᠨ ᠢᠶᠠᠨ ᠦᠨᠡᠨ ᠬᠦ | ᠳᠡᠭᠡᠭᠰᠢᠯᠡᠭᠦᠯᠵᠦ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠠᠵᠢᠯ ᠣᠯᠭᠤᠬᠤ ᠵᠢᠯᠣᠭᠤᠳᠤᠯᠭ᠎ᠠ ᠶᠢᠨ | ᠬᠢᠴᠢᠶᠡᠯ ᠤᠨ ᠰᠢᠰᠲ᠋ᠧᠮ ᠬᠢᠭᠡᠳ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠳᠣᠯᠤᠭ᠎ᠠ ᠳᠤ᠂ ᠲᠥᠷᠥᠯ ᠬᠤᠪᠢᠶᠠᠨ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠭᠤᠤᠯᠳᠠᠯᠭ᠎ᠠ ᠲᠠᠢ ᠬᠥᠮᠦᠰ ᠢ ᠪᠦᠲᠦᠮᠵᠢᠲᠡᠶ ᠬᠠᠪᠰᠤᠷᠤᠨ ᠲᠡᠳᠬᠦᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠨᠠᠢᠮᠠ ᠳᠤ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠶᠢᠰᠦ ᠳᠤ᠂ | ᠠᠵᠢᠯ ᠣᠯᠭᠤᠬᠤ ᠦᠢᠯᠡᠰ ᠪᠣᠰᠬᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠳᠤᠷᠢᠳᠬᠤ ᠪᠠᠶᠢᠭᠤᠯᠤᠮᠵᠢ ᠪᠣᠯᠤᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ᠂ ᠪᠠᠭᠰᠢ ᠰᠤᠷᠤᠭᠴᠢ 1᠄ 500 ᠶᠢᠨ ᠬᠠᠷᠢᠴᠠᠯ ᠢᠶᠠᠷ ᠲᠤᠰᠬᠠᠶ ᠠᠵᠢᠯ ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ ᠠᠷᠪᠠ ᠳᠤ᠂ ᠠᠵᠢᠯ | ᠣᠯᠭᠤᠯᠲᠠ ᠶᠢᠨ ᠲᠤᠭ᠎ᠠ ᠪᠦᠷᠢᠳᠬᠡᠯ ᠢ ᠴᠢᠩᠭ᠎ᠠ ᠵᠢᠷᠤᠮᠵᠢᠭᠤᠯᠵᠤ᠂ ᠲᠡᠭᠦᠰᠬᠦ ᠰᠤᠷᠤᠭᠴᠢᠳ ᠤᠨ ᠭᠦᠢᠴᠡᠳ ᠪᠦᠭᠡᠳ ᠴᠢᠨᠠᠷ ᠰᠠᠶᠢᠲᠠᠶ ᠠᠵᠢᠯ ᠤᠯᠬᠤ ᠶᠢ | ᠠᠬᠢᠭᠤᠯᠬᠤ ᠬᠡᠷᠡᠭᠲᠡᠢ᠃ | http://mongol.people.com.cn/15834523.html |