ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/8
      ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2020 ᠣᠨ ᠤ 9 ᠳ᠋ᠤᠭᠡᠷ ᠰᠠᠷ᠎ᠠ ᠶᠢᠨ 17   ᠤ ᠡᠳᠦᠷ ᠠᠴᠠ 11 ᠳ᠋ᠤᠭᠡᠷ ᠰᠠᠷ᠎ᠠ ᠶᠢᠨ 16   ᠤ ᠡᠳᠦᠷ ᠪᠣᠯᠲᠠᠯ᠎ᠠ᠂ ᠰᠢᠶᠠᠨ ᠤ ᠨᠠᠮ  ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠠᠴᠠ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠭᠢᠯᠡᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ᠂ ᠶᠦᠨ ᠵᠥᠩ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ᠂ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ 7 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃ 2021 ᠣᠨ ᠤ 1 ᠳ᠋ᠤᠭᠡᠷ ᠰᠠᠷ᠎ᠠ ᠶᠢᠨ 5   ᠤ ᠡᠳᠦᠷ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠠᠴᠠ 7 ᠴᠠᠭᠳᠠᠨ ᠪᠠᠶᠢᠴᠠᠭᠠᠭᠳᠠᠭᠰᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠰᠢᠨ᠎ᠡ ᠪᠠᠷ ᠨᠡᠮᠡᠭᠳᠡᠭᠰᠡᠨ ᠰᠢᠶᠠᠨ ᠤ ᠪᠠᠶᠢᠴᠠᠭᠠᠬᠤ ᠬᠤᠷᠢᠶ᠎ᠠ ᠴᠠᠭᠳᠠᠨ ᠪᠠᠶᠢᠴᠠᠭᠠᠯᠲᠠ ᠥᠷᠨᠢᠭᠦᠯᠦᠭᠰᠡᠨ ᠦᠭᠡᠢ ᠠᠴᠠ ᠭᠠᠳᠠᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠡᠲᠡᠭᠡᠳ ᠨᠢᠭᠡᠨᠲᠡ ᠴᠠᠭᠳᠠᠨ ᠪᠠᠶᠢᠴᠠᠭᠠᠬᠤ ᠡᠭᠦᠷᠭᠡ ᠪᠠᠨ ᠪᠦᠬᠦᠨ ᠢ ᠪᠡᠶᠡᠯᠡᠭᠦᠯᠪᠡ᠃      ᠬᠠᠷᠢᠭᠤ ᠲᠤᠰᠬᠠᠬᠤ ᠬᠤᠷᠠᠯ ᠬᠤᠷᠠᠯᠳᠤᠬᠤ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠲᠤᠰ ᠲᠤᠰ ᠬᠠᠷᠢᠭᠤ ᠲᠤᠰᠬᠠᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠠᠴᠠ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠳᠠᠯ ᠢ ᠰᠣᠨᠣᠰᠤᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠳᠤ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠢ ᠭᠦᠨᠵᠡᠭᠡᠶ ᠲᠠᠨᠢᠬᠤ ᠬᠡᠷᠡᠭᠲᠡᠶ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠲᠠᠯ᠎ᠠ ᠪᠠᠷ ᠴᠠᠭ ᠢᠮᠠᠭᠲᠠ ᠰᠡᠷᠭᠡᠭ ᠪᠥᠭᠡᠳ ᠡᠷᠡᠰ ᠪᠠᠲᠤ ᠪᠠᠶᠢᠵᠤ᠂ ᠬᠠᠷᠢᠭᠤ ᠲᠤᠰᠬᠠᠭᠰᠠᠨ ᠰᠠᠨᠠᠯ ᠤᠨ ᠲᠥᠪ ᠴᠢᠩᠭ᠎ᠠ ᠴᠢᠨᠠᠷ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠡᠩ ᠢᠳᠡᠪᠬᠢᠲᠡᠢ᠂ ᠨᠡᠩ ᠰᠠᠨᠠᠭᠠᠴᠢᠯᠠᠭ᠎ᠠ  ᠲᠠᠢ ᠣᠪᠣᠷ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠬᠠᠮᠢᠶᠠᠷᠤᠯᠲᠠ ᠪᠠᠨ ᠴᠢᠩᠭᠠᠳᠬᠠᠬᠤ᠂ ᠲᠦᠷᠢᠮ ᠢᠶᠠᠨ ᠲᠡᠭᠦᠯᠳᠡᠷᠵᠢᠭᠦᠯᠬᠦ ᠶᠠᠪᠤᠴᠠ ᠪᠣᠯᠭᠠᠨ ᠬᠤᠪᠢᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠴᠠᠭᠳᠠᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠨᠳᠦᠷᠴᠡ ᠠᠴᠠ ᠴᠠᠭᠳᠠᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠷᠢᠳᠡ ᠳᠠᠭᠤᠰᠤᠰᠢ ᠦᠭᠡᠢ ᠪᠠᠶᠢᠬᠤ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ  ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠡᠨᠡ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠰᠢᠭᠯᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠬᠦ ᠶᠢ ᠤᠶᠠᠯᠳᠤᠭᠤᠯᠵᠤ᠂ ᠣᠷᠣᠰᠢᠵᠤ ᠪᠠᠶᠢᠭ᠎ᠠ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠢ ᠨᠠᠷᠢᠨ ᠬᠢᠨᠠᠮᠠᠭᠠᠶ ᠬᠢᠨᠠᠨ ᠦᠵᠡᠵᠦ᠂ ᠲᠦᠷᠢᠮ ᠲᠣᠭᠲᠠᠭᠠᠯ ᠲᠣᠭᠲᠠᠭᠠᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠠᠳᠬᠤᠵᠤ᠂ ᠲᠦᠷᠢᠮ ᠢ ᠪᠦᠷᠢᠨᠰᠢᠬᠦᠯᠬᠦ᠂ ᠲᠦᠷᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠢᠶᠳᠪᠦᠷᠢᠯᠡᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号