ᠵᠠᠩ ᠶᠦᠩ ᠸᠧᠨ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠮᠢᠶᠠᠷᠤᠯᠲᠠ ᠬᠡᠷᠡᠭᠯᠡᠯᠲᠡ ᠵᠢᠴᠢ ᠠᠰᠢᠭ ᠣᠷᠣᠯᠭ᠎ᠠ ᠶᠢ ᠬᠤᠪᠢᠶᠠᠷᠢᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/8
     1 ᠳ᠋ᠦ᠋ᠭᠡᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠢᠴᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ᠂ ᠮᠠᠨ ᠤ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠵᠢᠷᠤᠮᠵᠢᠭᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠠᠮᠢᠶᠠᠷᠤᠯᠲᠠ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠤᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠦᠨᠡᠨᠬᠦ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠡᠷᠬᠢᠨ ᠬᠠᠮᠢᠶᠠᠷᠬᠤ ᠶᠢᠨ ᠲᠣᠭᠤᠷᠢᠨ ᠳᠤ᠂ ᠡᠳ᠋ ᠬᠥᠷᠥᠩᠭᠡ ᠶᠢᠨ ᠰᠠᠭᠤᠷᠢ ᠲᠣᠳᠣᠷᠬᠠᠶ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠲᠣᠳᠣᠷᠬᠠᠶ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠦᠶ ᠵᠣᠬᠢᠰᠲᠠᠶ᠂ ᠠᠵᠢᠯᠯᠠᠭᠠᠨ ᠤ ᠬᠠᠮᠢᠶᠠᠷᠤᠯᠲᠠ ᠵᠢᠷᠤᠮᠵᠢᠭᠰᠠᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠪᠠ ᠠᠰᠢᠭ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠭᠡᠪᠴᠢᠯᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠣᠷᠳᠣ ᠬᠤᠭᠤᠴᠠᠭᠠᠨ ᠤ ᠪᠦᠲᠦᠮᠵᠢᠲᠡᠶ ᠪᠥᠭᠡᠳ ᠲᠣᠭᠲᠠᠭᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠰᠤᠯᠠ ᠲᠠᠯᠪᠢᠬᠤ ᠪᠠ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠬᠡᠷᠡᠭᠲᠡᠶ᠃ ᠬᠥᠳᠡᠭᠡ ᠲᠣᠰᠬᠤᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠲᠣᠭᠤᠷᠢᠨ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢᠨ ᠲᠠᠯ᠎ᠠ ᠪᠠᠷ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠬᠢᠭᠡᠳ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠠᠮᠲᠤ ᠳᠤᠨᠢ ᠰᠤᠳᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ᠃ ᠤᠯᠠᠨ ᠲᠦᠮᠡᠨ ᠤ ᠠᠰᠢᠭ ᠣᠷᠣᠯᠭ᠎ᠠ ᠶᠢ ᠬᠡᠷᠬᠢᠨ ᠨᠡᠮᠡᠭᠳᠡᠭᠦᠯᠬᠦ ᠶᠢᠨ ᠲᠣᠭᠤᠷᠢᠨ ᠳᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠯᠦᠭᠡ ᠨᠢᠭᠲᠠ ᠬᠠᠷᠢᠯᠴᠠᠭ᠎ᠠ ᠲᠠᠢ ᠪᠠᠶᠢᠬᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠣᠬᠤᠷ ᠬᠤᠭᠤᠴᠠᠭᠠᠨ ᠳᠤ ᠦᠷ᠎ᠡ ᠪᠦᠲᠦᠮᠵᠢ ᠤᠯᠬᠤ ᠪᠣᠯᠤᠨ ᠤᠷᠳᠤ ᠬᠤᠭᠤᠴᠠᠭ᠎ᠠ ᠪᠠᠷ ᠣᠷᠣᠯᠭ᠎ᠠ ᠪᠠᠨ ᠨᠡᠮᠡᠭᠳᠡᠭᠦᠯᠬᠦ᠂ ᠲᠦᠷ ᠴᠠᠭ ᠬᠠᠪᠰᠤᠷᠤᠨ ᠲᠡᠳᠬᠦᠬᠦ ᠪᠣᠯᠤᠨ ᠦᠷᠭᠦᠯᠵᠢᠯᠡᠨ ᠳᠠᠶᠢᠴᠢᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠦᠨᠡᠨᠬᠦ ᠰᠠᠶᠢᠲᠤᠷ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠡᠷᠦᠬᠡ ᠳᠤ ᠦᠨᠡᠨᠬᠦ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠳᠤᠮᠳᠠ ᠠᠴᠠ ᠠᠰᠢᠭ ᠬᠦᠷᠲᠡᠭᠡᠵᠦ᠂ ᠶᠠᠳᠠᠭᠤ ᠶᠢ ᠲᠡᠳᠬᠦᠬᠦ ᠡᠳ᠋ ᠬᠦᠷᠦᠩᠬᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠪᠣᠳᠠᠰ ᠤᠨ ᠰᠠᠭᠤᠷᠢ ᠶᠢ ᠬᠠᠩᠭᠠᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠯᠢ ᠯᠢᠦ ᠰᠢᠶᠣᠤ᠂ ᠸᠠᠩ ᠯᠠᠶ ᠵᠦ᠂ ᠭᠦᠸᠧ ᠸᠧᠨ ᠵᠢᠶᠦ᠋ᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号