ᠮᠠᠨ ᠤ ᠬᠤᠲᠠ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠲᠤᠰᠬᠠᠢ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/1/8
ᠸᠠᠩ ᠯᠢ ᠰᠢᠶᠠ ᠣᠷᠣᠯᠴᠠᠵᠤ ᠵᠠᠩ ᠪᠠᠢ ᠴᠧᠩ ᠡᠷᠬᠢᠯᠡᠵᠦ ᠶᠦᠨ ᠵᠢᠶᠠᠨ ᠳ᠋ᠦᠩ  ᠰᠦᠨ ᠵᠢᠶᠠᠨ ᠬᠤᠸᠠ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ  ᠮᠢᠶᠥᠥ ᠰᠢᠨ︶ 1 ᠳ᠋ᠦ᠋ᠭᠡᠷ ᠰᠠᠷ᠎ᠠ ᠶᠢᠨ 7 ᠤ ᠡᠳᠦᠷ᠂ ᠮᠠᠨ ᠤ ᠬᠤᠲᠠ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠲᠤᠰᠬᠠᠢ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠤᠷᠢᠨ ᠬᠡᠷᠬᠢᠨ ᠤᠯᠤᠰ ᠤᠨ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠠᠶᠢᠯᠤᠮᠵᠢ ᠬᠢᠯᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠡᠷᠬᠢᠯᠡᠵᠦ ᠶᠠᠷᠢᠶ᠎ᠠ ᠲᠠᠯᠪᠢᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠵᠢᠶᠠᠨ ᠬᠤᠸᠠ ᠵᠢᠴᠢ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠤᠰᠬᠠᠢ ᠲᠠᠶᠢᠯᠤᠮᠵᠢ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠾᠧ ᠵᠢᠶᠧ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠯᠤᠰ ᠤᠨ ︿ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ﹀ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ︾ ᠰᠡᠳᠦᠪ ᠤᠨ ᠲᠣᠭᠤᠷᠢᠨ ᠳᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠠᠵᠢᠯ ᠢ ᠬᠡᠷᠬᠢᠨ ᠰᠠᠶᠢᠨ ᠬᠢᠬᠦ ᠲᠤᠬᠠᠢ ᠭᠤᠷᠪᠠᠨ ᠲᠠᠯ᠎ᠠ ᠠᠴᠠ ᠨᠠᠷᠢᠯᠢᠭ ᠲᠤᠰᠬᠠᠢ ᠲᠠᠶᠢᠯᠤᠮᠵᠢ ᠬᠢᠵᠦ᠂ ᠪᠦᠬᠦ ᠣᠷᠣᠨ ᠤ ᠥᠨᠳᠥᠷ ᠠᠴᠠ ᠮᠠᠨ ᠤ ᠬᠤᠲᠠ ᠶᠢᠨ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠠᠵᠢᠯ ᠳᠤ ᠰᠢᠰᠲ᠋ᠧᠮ ᠲᠠᠢ ᠵᠠᠳᠠᠯᠤᠯᠲᠠ᠂ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠪᠡ᠃      ᠵᠠᠩ ᠪᠠᠢ ᠴᠧᠩ ᠶᠠᠷᠢᠶᠠᠨ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠠᠵᠢᠯ ᠢ ᠴᠢᠩᠭ᠎ᠠ ᠠᠳᠬᠤᠬᠤ ᠶᠢᠨ ᠲᠤᠶᠢᠯ ᠤᠨ ᠴᠢᠬᠤᠯᠠ ᠴᠢᠨᠠᠷ ᠪᠠ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠪᠠᠶᠢᠳᠠᠯ ᠤᠨ ᠬᠠᠲᠠᠭᠤ ᠪᠡᠷᠭᠡ ᠴᠢᠨᠠᠷ ᠲᠤᠯᠭᠠᠮ᠎ᠠ ᠴᠢᠨᠠᠷ ᠢ ᠭᠦᠨᠵᠡᠭᠡᠢ ᠲᠠᠨᠢᠨ᠂ ᠦᠵᠡᠯᠲᠡ ᠲᠠᠨᠢᠯᠲᠠ ᠦᠢᠯᠡ ᠠᠵᠢᠯᠯᠠᠭ᠎ᠠ ᠪᠠᠨ ᠦᠨᠡᠨᠬᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠳᠡᠭᠡᠷ᠎ᠡ ᠨᠢᠭᠡᠳᠬᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠧᠷᠭᠢ ᠶᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠭᠦᠨᠵᠡᠭᠡᠢ ᠦᠢᠯᠡᠳᠦᠯᠭᠡᠵᠢᠭᠦᠯᠵᠦ᠂ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠪᠣᠯᠣᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢᠨ ᠨᠢᠭᠡᠳᠦᠯᠲᠡᠢ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ᠂ ᠣᠷᠴᠢᠯ᠂ ᠦᠷᠭᠦᠯᠵᠢᠯᠡᠬᠦᠶᠢᠴᠡ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠢᠳᠡᠪᠬᠢᠯᠡᠨ ᠪᠦᠷᠢᠯᠳᠦᠭᠦᠯᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ  ᠰᠠᠶᠢᠳᠤᠷ ᠵᠠᠮᠨᠠᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠬᠠᠷᠠᠯᠲᠠ ᠶᠢ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤᠰ ᠭᠠᠵᠠᠷ ᠣᠷᠣᠨ ᠤ ᠪᠠᠨ ᠭᠦᠢᠴᠡᠳᠬᠡᠯ ᠲᠤᠭ᠎ᠠ ᠶᠢᠨ ᠬᠠᠷᠠᠯᠲᠠ ᠪᠠᠨ ᠦᠨᠳᠦᠰᠦᠯᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠣᠳᠣ ᠶᠢᠨ ᠪᠠᠶᠢᠭ᠎ᠠ ᠡᠨᠧᠷᠭᠢ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ ᠂ ᠳᠠᠬᠢᠯᠲᠠ ᠡᠨᠧᠷᠭᠢ ᠶᠢᠨ ᠡᠬᠢ ᠪᠠᠶᠠᠯᠢᠭ ᠢ ᠢᠳᠡᠪᠬᠢᠲᠡᠢ ᠨᠡᠭᠡᠭᠡᠨ ᠠᠰᠢᠭᠯᠠᠵᠤ᠂ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠡᠨᠡ ᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ︾ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠣᠰ ᠡᠵᠡᠮᠰᠢᠯ ᠤᠨ ᠪᠠᠷᠢᠮᠵᠢᠶ᠎ᠠ ᠳᠤ ᠬᠦᠷᠬᠦ ᠳᠤ ᠲᠥᠪ ᠬᠤᠲᠠ ᠶᠢᠨ ᠨᠡᠩ ᠶᠡᠭᠡ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠡᠢ᠃      ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠤᠯᠪᠣᠭᠳᠠᠯ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠲᠤᠰᠬᠠᠢ ᠲᠠᠶᠢᠯᠤᠮᠵᠢ ᠶᠢ ᠰᠣᠨᠣᠰᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号