| | | ᠣᠷᠴᠢᠮ ᠤᠨ ᠡᠳᠦᠷ ᠤᠳ ᠲᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ | ᠪᠣᠯᠪᠠᠰᠤᠷᠠᠯ ᠤᠨ ᠲᠢᠩᠬᠢᠮ ᠳᠤ ᠶᠡᠬᠡᠯ᠎ᠡ ᠬᠥᠷ ᠬᠥᠭᠵᠢᠶᠡᠨ ᠲᠠᠢ᠂ ᠲᠤᠰ ᠰᠤᠷᠭᠠᠭᠤᠯᠢ ᠶᠢᠨ ᠵᠣᠬᠢᠶᠠᠨ ᠪᠦᠲᠦᠭᠡᠭᠰᠡᠨ | ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠠᠭᠠᠷᠠᠯᠲᠠᠢ ᠰᠡᠷᠭᠦᠭᠡᠨ | ᠲᠣᠭᠯᠠᠬᠤ ᠱᠠᠲᠤᠨ ᠳᠠᠭᠠᠨ ᠣᠷᠣᠪᠠ᠃ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ | ᠥᠬᠢᠨ ᠳᠡᠭᠦᠦ︾ 2020 ᠣᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ 100 ︽ᠵᠠᠭᠤᠨ ᠵᠢᠯ ᠤᠨ | ᠵᠠᠭᠤᠨ ᠪᠦᠲᠦᠭᠡᠯ︾ ᠤᠯᠠᠮᠵᠢᠯᠠᠯᠲᠤ ᠰᠢᠯᠢᠳᠡᠭ ᠪᠦᠲᠦᠭᠡᠯ ᠤᠨ ᠰᠡᠷᠭᠦᠭᠡᠨ ᠲᠣᠭᠯᠠᠬᠤ ᠭᠤᠣᠯᠳᠠᠯᠭ᠎ᠠ ᠲᠠᠢ ᠲᠡᠳᠬᠦᠬᠦ | ᠲᠥᠷᠥᠯ ᠵᠦᠢᠯ ᠳᠤ ᠣᠷᠣᠵᠠᠢ᠃ ᠡᠨᠡ ᠤᠳᠠᠭᠠᠨ ᠤ ᠰᠡᠷᠭᠦᠭᠡᠨ ᠲᠣᠭᠯᠠᠬᠤ ᠳᠤ ᠪᠥᠵᠢᠭᠲᠦ ᠵᠦᠴᠦᠭᠡ ᠶᠢᠨ | ᠪᠥᠵᠢᠭ ᠤᠨ ᠬᠡᠰᠡᠭ ᠢ ᠤᠯᠠᠮ ᠰᠠᠶᠢᠬᠠᠨ ᠪᠣᠯᠭᠠᠵᠤ᠂ ᠨᠠᠷᠢᠯᠢᠭ ᠵᠣᠬᠢᠶᠠᠨ ᠪᠦᠲᠦᠭᠡᠵᠦ ᠰᠣᠳᠣᠨ ᠪᠦᠲᠦᠭᠡᠯ ᠪᠣᠯᠭᠠᠨ᠂ | ᠨᠠᠮ ᠪᠠᠶᠢᠭᠤᠯᠤᠭᠳᠠᠭᠰᠠᠨ 100 ᠵᠢᠯ ᠤᠨ ᠣᠢ ᠳᠤ ᠪᠡᠯᠡᠭ ᠪᠣᠯᠭᠠᠨ ᠡᠷᠭᠦᠬᠦ ᠪᠠᠷ ᠪᠠᠶᠢᠨ᠎ᠠ᠃ ᠰᠤᠷᠪᠤᠯᠵᠢᠯᠠᠭᠴᠢ | ᠸᠠᠩ ᠵᠦᠩ ᠵᠸᠦ ᠰᠡᠭᠦᠳᠡᠷᠯᠡᠪᠡ |