ᠮᠠᠨ ᠤ ᠬᠤᠲᠠ ᠶᠢᠨ 90% ᠣᠷᠴᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠶᠠᠳᠠᠭᠤ ᠬᠦᠴᠢᠷᠳᠡᠯᠲᠡᠢ ᠡᠷᠦᠬᠡ ᠲᠠᠢ ᠠᠰᠢᠭ ᠲᠤᠰᠠ ᠶᠢᠨ ᠬᠤᠯᠪᠣᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2021/1/8
      2020 ᠣᠨ ᠳᠤ᠂ ᠮᠠᠨ ᠤ ᠬᠤᠲᠠ ᠨᠡᠶᠢᠭᠡᠮ ᠠᠴᠠ ᠶᠠᠳᠠᠭᠤ ᠶᠢ ᠲᠡᠳᠬᠦᠬᠦ ᠠᠵᠢᠯ ᠢ ᠭᠦᠨᠵᠡᠭᠡᠢ ᠠᠬᠢᠭᠤᠯᠵᠤ᠂ 242 ᠪᠦᠯᠬᠦᠮ ᠪᠠᠶᠢᠭᠤᠯᠬᠤ ᠮᠠᠶ᠋ᠢᠭ ᠤᠨ ᠨᠡᠶᠢᠭᠡᠮ ᠤᠨ ᠶᠠᠳᠠᠭᠤ ᠶᠢ ᠲᠡᠳᠬᠦᠵᠦ ᠬᠠᠪᠰᠤᠷᠤᠨ ᠲᠤᠰᠠᠯᠠᠬᠤ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠡᠯ᠎ᠡ ᠬᠠᠪᠰᠤᠷᠤᠨ ᠲᠤᠰᠠᠯᠠᠬᠤ ᠭᠠᠵᠠᠷ ᠣᠷᠣᠨ ᠤ ᠡᠬᠢ ᠪᠠᠶᠠᠯᠢᠭ ᠲᠤ ᠲᠦᠰᠢᠭᠯᠡᠨ᠂ ᠲᠥᠷᠥᠯ ᠲᠡᠮᠳᠡᠭᠲᠦ᠂ ᠮᠡᠷᠭᠡᠵᠢᠯ᠂ ᠵᠠᠬ᠎ᠠ ᠳᠡᠯᠭᠡᠭᠦᠷ᠂ ᠡᠳ᠋ᠰᠢᠭᠦᠯᠬᠦ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠳᠬᠦᠵᠦ᠂ ᠲᠣᠰᠬᠤᠨ ᠤ ᠨᠡᠶᠢᠲᠡ ᠶᠢᠨ ᠠᠵᠤ ᠠᠬᠤᠢ ᠶᠢᠨ ᠬᠥᠭᠵᠢᠯᠲᠡ ᠪᠠ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠳᠠᠶᠢᠴᠢᠯᠠᠵᠠᠢ᠃ 2020 ᠣᠨ ᠤ ᠰᠡᠭᠦᠯᠴᠢ ᠪᠣᠯᠲᠠᠯ᠎ᠠ᠂ 90% ᠣᠷᠴᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠶᠠᠳᠠᠭᠤ ᠬᠦᠴᠢᠷᠳᠡᠯᠲᠡᠢ ᠡᠷᠦᠬᠡ ᠲᠠᠢ ᠠᠰᠢᠭ ᠲᠤᠰᠠ ᠶᠢᠨ ᠬᠤᠯᠪᠣᠭ᠎ᠠ ᠪᠠᠶᠢᠭᠤᠯᠵᠤ᠂ ᠬᠠᠪᠰᠤᠷᠤᠨ ᠲᠤᠰᠠᠯᠠᠬᠤ ᠠᠵᠤ ᠠᠬᠤᠶᠢᠯᠠᠯ ᠤᠳ ᠨᠡᠶᠢᠲᠡ 1254 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠠᠢ᠃ ︵ᠯᠢ ᠬᠠᠢ ᠵᠧᠨ  ᠾᠧ ᠰᠢᠶᠥᠥ ᠲᠦᠩ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号