1 ᠳ᠋ᠦ᠋ᠭᠡᠷ ᠰᠠᠷ᠎ᠠ ᠶᠢᠨ 5 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠯᠢᠦ ᠰᠢᠶᠤᠤ ᠪᠥᠬᠦ | ᠰᠢᠶᠠᠨ ᠤ ᠢᠯᠴᠢ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠯᠢ ᠯᠢᠦ ᠰᠢᠶᠤᠤ ᠡᠩ ᠲᠡᠷᠢᠭᠦᠨ ᠳᠤ ᠵᠢᠩ ᠨᠧᠩ ᠴᠠᠬᠢᠯᠭᠠᠨ ᠤ ᠦᠢᠯᠡᠳᠪᠦᠷᠢ ᠪᠣᠯᠤᠨ ᠹᠧᠩ ᠬᠤᠸᠠ | ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠤᠬᠢᠷᠠᠭᠤᠯᠤᠨ ᠡᠵᠡᠮᠳᠡᠬᠦ ᠲᠥᠪ ᠲᠤ ᠬᠦᠷᠴᠦ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠴᠠᠬᠢᠯᠭᠠᠨ ᠬᠠᠩᠭᠠᠯᠭ᠎ᠠ ᠶᠢᠨ ᠪᠠᠶᠢᠳᠠᠯ᠂ ᠴᠠᠬᠢᠯᠭᠠᠨ ᠤ | ᠲᠣᠣᠷ ᠤᠨ ᠬᠡᠪᠴᠢᠶ᠎ᠡ ᠵᠢᠴᠢ ᠴᠠᠬᠢᠯᠭᠠᠨ ᠢ ᠪᠠᠲᠤᠯᠠᠬᠤ ᠠᠵᠢᠯ ᠤᠨ ᠲᠤᠬᠠᠢ ᠨᠠᠷᠢᠨ ᠲᠠᠨᠢᠯᠴᠠᠭᠤᠯᠭ᠎ᠠ ᠶᠢ ᠰᠣᠨᠣᠰᠪᠠ᠃ | ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠯᠢ ᠯᠢᠦ ᠰᠢᠶᠤᠤ᠂ ᠴᠠᠬᠢᠯᠭᠠᠨ ᠲᠣᠣᠷ ᠲᠦᠭ ᠲᠦᠮᠡᠨ ᠠᠶᠢᠯ | ᠡᠷᠦᠬᠡ ᠲᠠᠢ ᠬᠤᠯᠪᠣᠭᠳᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠨᠢ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠤᠨ ᠲᠦᠭ ᠲᠦᠮᠡᠨ ᠠᠶᠢᠯ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠵᠤ ᠪᠠᠶᠢᠳᠠᠭ᠂ ᠠᠵᠤ | ᠠᠬᠤᠶᠢᠯᠠᠯ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠬᠢᠯᠭᠠᠨ | ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠴᠠᠬᠢᠯᠭᠠᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠴᠠᠬᠢᠯᠭᠠᠨ ᠬᠦᠴᠦᠨ ᠤ ᠲᠣᠭᠲᠠᠭᠤᠨ ᠡᠮᠬᠢ ᠳᠢᠭᠯᠢᠮ ᠲᠠᠢ ᠬᠠᠩᠭᠠᠯᠭ᠎ᠠ ᠶᠢ | ᠪᠦᠬᠦ ᠬᠦᠴᠦᠨ ᠢᠶᠠᠷ ᠪᠠᠲᠤᠯᠠᠵᠤ᠂ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠤᠯᠠᠨ | ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠯᠢ ᠯᠢᠦ ᠰᠢᠶᠤᠤ ᠳ᠋ᠠ ᠵᠦᠩ ᠢᠯᠴᠢ ᠶᠢᠨ ᠬᠦᠴᠦᠨ ᠤ ᠺᠣᠮᠫᠠᠨᠢ ᠪᠣᠯᠤᠨ ᠵᠦᠩ ᠷᠠᠨ ᠺᠣᠮᠫᠠᠨᠢ ᠳᠤ ᠬᠦᠷᠴᠦ᠂ | ᠪᠦᠬᠦ ᠰᠢᠶᠠᠨ ᠤ ᠳᠤᠯᠠᠭᠠᠯᠭ᠎ᠠ᠂ ᠬᠡᠢ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ | ᠴᠢᠬᠤᠯᠠᠴᠢᠯᠠᠭᠰᠠᠨ ᠨᠢ᠂ ᠳᠤᠯᠠᠭᠠᠯᠠᠭ᠎ᠠ ᠬᠠᠩᠭᠠᠬᠤ ᠪᠣᠯ ᠠᠷᠠᠳ ᠣᠯᠠᠨ ᠤ ᠬᠠᠯᠠᠭᠤᠨ ᠬᠦᠢᠲᠡᠨ ᠳᠤ ᠬᠤᠯᠪᠣᠭᠳᠠᠬᠤ | ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ | ᠳᠡᠭᠡᠭᠰᠢᠯᠡᠭᠦᠯᠵᠦ᠂ ᠠᠵᠢᠯᠯᠠᠭᠠᠨ ᠤ ᠲᠣᠬᠢᠷᠠᠭᠤᠯᠤᠯᠲᠠ᠂ ᠲᠥᠬᠦᠭᠡᠷᠦᠮᠵᠢ ᠶᠢᠨ ᠪᠠᠲᠤᠯᠠᠭ᠎ᠠ᠂ ᠢᠯᠴᠢ ᠶᠢᠨ | ᠢᠷᠡᠯᠲᠡ ᠶᠢᠨ ᠲᠣᠬᠢᠷᠠᠭᠤᠯᠤᠯᠲᠠ ᠵᠡᠷᠭᠡ ᠠᠵᠢᠯ ᠢ ᠬᠦᠴᠦᠯᠡᠨ ᠰᠠᠶᠢᠲᠤᠷ ᠬᠢᠵᠦ᠂ ᠡᠪᠦᠯ ᠤᠨ ᠤᠯᠠᠷᠢᠯ ᠤᠨ ᠠᠮᠤᠷ | ᠲᠦᠪᠰᠢᠨ ᠲᠣᠭᠲᠠᠭᠤᠨ ᠢᠶᠠᠷ ᠳᠤᠯᠠᠭᠠᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠳ | ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢ ᠤᠷᠢᠳᠴᠢᠯᠠᠨ ᠰᠠᠶᠢᠲᠤᠷ ᠬᠢᠵᠦ᠂ ᠢᠯᠴᠢ ᠶᠢᠨ | ᠢᠷᠡᠯᠲᠡ ᠶᠢ ᠲᠣᠭᠲᠠᠭᠤᠨ ᠪᠠᠶᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠨᠠᠶᠢᠳᠠᠪᠤᠷᠢᠵᠢᠭᠤᠯᠤᠨ᠂ ᠵᠢᠵᠢᠭᠦᠷᠯᠡᠨ ᠪᠠᠶᠢᠴᠠᠭᠠᠬᠤ ᠪᠠᠨ ᠴᠢᠩᠭᠠᠳᠬᠠᠵᠤ᠂ ᠢᠯᠴᠢ ᠬᠠᠩᠭᠠᠬᠤ ᠬᠡᠷᠡᠭᠯᠡᠭᠴᠢᠳ ᠲᠤ | ᠡᠶ᠎ᠡ ᠵᠣᠬᠢᠴᠠᠯ ᠲᠠᠢ᠂ ᠠᠮᠤᠷ ᠲᠦᠪᠰᠢᠨ ᠢᠯᠴᠢ ᠬᠠᠩᠭᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ︔ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠴᠡᠭᠡ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ | ᠵᠦᠢᠯ ᠤᠨ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ | ᠰᠡᠷᠭᠡᠶᠢᠯᠡᠬᠦ ᠬᠡᠷᠡᠭᠲᠡᠢ︔ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠲᠣᠭᠤᠷᠢᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠳᠡᠯ ᠤᠨ ᠬᠡᠮ ᠰᠣᠭᠤᠭ ᠢ ᠡᠷᠲᠡ ᠢᠯᠡᠷᠡᠭᠦᠯᠵᠦ᠂ ᠡᠷᠲᠡ | ᠮᠡᠳᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠰᠣᠷᠢᠯᠲᠠ ᠶᠢ ᠰᠠᠶᠢᠲᠤᠷ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ ᠭᠡᠪᠡ᠃ | ᠵᠠᠯᠭᠠᠭᠠᠳ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠵᠠᠩ | ᠵᠢᠶᠦ᠋ᠨ ᠴᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠠᠬᠢᠭᠤᠯᠬᠤ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ | ᠮᠡᠳᠡᠭᠦᠯᠦᠯᠲᠡ ᠬᠢᠪᠠ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢ ᠯᠢᠦ ᠰᠢᠶᠤᠤ᠂ ᠵᠢᠯ ᠤᠨ ᠰᠡᠭᠦᠯᠴᠢ ᠣᠨ ᠤ | ᠡᠬᠢᠨ ᠳᠤ ᠡᠯ᠎ᠡ ᠲᠠᠯ᠎ᠠ ᠶᠢᠨ ᠠᠵᠢᠯ ᠤᠯᠠᠨ᠂ ᠡᠭᠦᠷᠭᠡ ᠬᠦᠨᠳᠦ ᠪᠠᠶᠢᠨ᠎ᠠ᠂ ᠪᠦᠬᠦ ᠰᠢᠶᠠᠨ ᠢᠶᠠᠷ ᠢᠶᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠰᠤᠯᠠᠷᠠᠭᠤᠯᠤᠯ ᠦᠭᠡᠢ᠂ ᠦᠢᠯᠡ ᠠᠵᠢᠯᠯᠠᠭ᠎ᠠ ᠶᠢᠨ ᠲᠠᠯ᠎ᠠ ᠪᠠᠷ | ᠰᠤᠯᠠᠷᠠᠭᠤᠯᠤᠯ ᠦᠭᠡᠢ ᠪᠠᠶᠢᠵᠤ᠂ ᠥᠷᠭᠡᠨ ᠤᠯᠠᠨ ᠲᠦᠮᠡᠨ ᠤ ᠠᠮᠤᠷ ᠲᠣᠭᠲᠠᠭᠤᠨ ᠡᠶ᠎ᠡ ᠨᠠᠶᠢᠷᠰᠠᠭ ᠡᠪᠦᠯ ᠢ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ | ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ | ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠠᠭ | ᠲᠤᠬᠠᠢ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠠᠷᠢᠮᠲᠠᠯᠠᠬᠤ | ᠬᠡᠷᠡᠭᠲᠡᠢ︔ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠮᠤᠷ ᠠᠮᠤᠭᠤᠯᠠᠩ ᠪᠠ | ᠤᠢ ᠰᠢᠭᠤᠢ ᠶᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ | ᠯᠢᠨ ᠯᠢᠨ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ | ᡁᠢ ᠶᠦᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪ᠊ | ᠰᠠᠭᠤᠳᠠᠯ ᠤᠨ ᠬᠤᠷᠠᠯ ᠳᠤ ᠣᠷᠣᠯᠴᠠᠪᠠ᠃ |