ᠠᠷᠠᠯᠵᠢᠶᠠᠨ ᠤ ᠠᠵᠢᠯᠯᠠᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠪᠥᠬᠦ ᠲᠠᠯ᠎ᠠ ᠪᠠᠷ ᠭᠠᠷᠴᠤ ᠠᠵᠢᠯ ᠥᠷᠨᠢᠬᠦᠯᠬᠦ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/10/1
      ᠡᠯ᠎ᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠡᠯ᠎ᠡ ᠲᠠᠯ᠎ᠠ ᠶᠢᠨ ᠠᠷᠠᠯᠵᠢᠶ᠎ᠠ ᠶᠢᠨ ᠭᠤᠤᠯ ᠴᠣᠭᠴᠠ ᠳᠤ᠄      ︽︿ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠴᠤ ᠠᠵᠢᠯ  ᠡᠷᠬᠢᠯᠡᠬᠦ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ  ᠭᠠᠷᠴᠤ ᠵᠢᠷᠤᠮᠵᠢᠭᠤᠨ ᠠᠵᠢᠯᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠲᠠᠰᠤᠷᠠᠯᠲᠠ ᠥᠬᠡᠶ ᠰᠢᠯᠢᠳᠡᠭᠵᠢᠬᠦᠯᠬᠦ ᠵᠢᠨ‌‍ᠲ᠋ᠦ᠋ᠯᠦᠭᠡ ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠬᠤᠲᠠ ᠶᠢᠨ  ᠬᠤᠯᠪᠤᠭᠳᠠᠯ ᠪᠥᠬᠦᠶ ᠰᠠᠯᠠᠭ᠎ᠠ ᠮᠥᠴᠢᠷ  ︽ ᠭᠠᠷᠭᠠᠬᠤ ᠶᠣᠰᠣᠲᠠᠶ ᠶᠢ ᠨᠢ ᠵᠠᠪᠠᠯ ᠭᠠᠷᠭᠠᠬᠤ︾ ᠡᠮᠦᠨᠡᠬᠢ ᠬᠤᠭᠤᠴᠠᠭᠠᠨ ᠤ ᠵᠣᠯᠭᠠᠭᠤᠯᠬᠤ ᠠᠵᠢᠯ ᠢ ᠨᠢᠭᠡᠨᠲᠡ ᠪᠡᠶᠡᠯᠡᠭᠦᠯᠵᠦ᠂ ᠲᠤᠷᠰᠢᠨ ᠠᠵᠢᠯᠯᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠨᠥᠬᠦᠴᠡᠯ ᠢ ᠨᠢᠭᠡᠨᠲᠡ ᠪᠦᠷᠢᠯᠳᠦᠭᠦᠯᠪᠡ᠃       2021 ᠣᠨ ᠤ 10  ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ︽ᠭᠠᠷᠭᠠᠬᠤ ᠶᠣᠰᠣᠲᠠᠶ ᠶᠢ ᠨᠢ ᠵᠠᠪᠠᠯ ᠭᠠᠷᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯ ᠤᠨ ᠪᠠᠯᠠ ᠣᠷᠣᠭᠤᠯᠤᠯᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠣᠶ ᠪᠥᠬᠦᠶ ᠲᠥᠷᠥᠯ  ᠵᠦᠢᠯ  ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠭᠠᠵᠤ ᠠᠵᠢᠯᠯᠠᠭᠤᠯᠤᠨ᠎ᠠ᠃       ᠣᠨᠴᠠᠭᠠᠶᠢᠯᠠᠨ ᠮᠡᠳᠡᠭᠳᠡᠪᠡ᠃                                                            2021 ᠣᠨ ᠤ10 ᠳ᠋ᠤᠭᠠᠷ ᠰᠠᠷ᠎ᠠ ᠶᠢᠨ1 ᠤ ᠡᠳᠦᠷ        ᠢᠷᠡᠯᠲᠡ᠄ ᠬᠤᠲᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ     
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ