ᠬᠤᠷᠢᠨᠭᠡᠷ ᠰᠢᠶᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/11
10.13和林格尔县召开重点项目建设调度会.jpg
      9 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠠᠭᠠᠭᠠᠴᠢᠯᠠᠨ ᠬᠤᠯᠪᠣᠭᠠᠯᠠᠵᠤ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃        ᠬᠤᠷᠠᠯ ᠠᠴᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠠᠵᠢᠯ ᠤᠨ ︽ᠠᠮᠢᠨ ᠰᠤᠳᠠᠰᠤ︾ ᠮᠥᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠪᠤᠳᠤᠯᠭ᠎ᠠ ᠮᠥᠨ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠲᠦᠷᠦᠯ ᠵᠦᠢᠯ ᠢ ᠶᠡᠬᠡᠪᠡᠷ ᠠᠳᠬᠤᠵᠤ᠂ ᠲᠤᠮᠤ ᠲᠦᠷᠦᠯ ᠵᠦᠢᠯ ᠢ ᠠᠳᠬᠤᠬᠤ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠭᠤᠣᠯᠳᠠᠯᠭ᠎ᠠ ᠪᠠᠨ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ ᠢᠮᠠᠭᠲᠠ ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠬᠢᠷᠠᠭᠤᠯᠤᠯᠲᠠ᠂ ᠬᠠᠮᠢᠶᠠᠷᠤᠯᠲᠠ᠂ ᠵᠢᠯᠤᠭᠤᠳᠤᠯᠭ᠎ᠠ ᠶᠢ ᠦᠨᠡᠨᠬᠦ ᠴᠢᠩᠭᠠᠳᠬᠠᠵᠤ᠂ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠡᠮᠬᠢᠯᠡᠵᠦ᠂ ᠲᠦᠷᠦᠯ ᠵᠦᠢᠯ ᠬᠤᠪᠢᠶᠠᠨ ᠳᠤᠲᠠᠭᠤ ᠶᠢ ᠨᠢ ᠤᠯᠠᠮ ᠴᠢᠨᠠᠭᠰᠢᠳᠠ ᠪᠠᠶᠢᠴᠠᠭᠠᠨ ᠨᠥᠬᠦᠪᠥᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠪᠦᠬᠦ ᠰᠢᠶᠠᠨ ᠢ ᠪᠦᠬᠦ ᠬᠤᠳᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠶᠡᠭᠡ ᠣᠷᠴᠢᠨ ᠲᠣᠭᠤᠷᠢᠨ ᠳᠤ ᠲᠠᠯᠪᠢᠵᠤ᠂ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠢᠯ ᠢᠶᠠᠨ ᠡᠬᠢᠯᠡᠭᠦᠯᠵᠦ᠂ ᠰᠡᠳᠬᠢᠯ ᠲᠠᠯᠪᠢᠵᠤ ᠬᠦᠴᠦ ᠣᠷᠣᠭᠤᠯᠤᠨ ᠠᠵᠤ ᠠᠬᠤᠶᠢᠯᠠᠯ ᠪᠣᠯᠤᠨ ᠲᠦᠷᠦᠯ ᠵᠦᠢᠯ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠯᠥᠰᠥᠨ ᠠᠵᠢᠯᠴᠢᠨ ᠤ ᠴᠠᠯᠢᠩ ᠢ ᠰᠠᠶᠢᠲᠤᠷ ᠪᠠᠲᠤᠯᠠᠬᠤ ᠬᠡᠷᠡᠭᠲᠡᠶ᠃ ᠡᠨᠡ ᠵᠢᠯ ᠤᠨ ᠲᠣᠭᠲᠠᠭᠠᠭᠰᠠᠨ ᠭᠤᠣᠯᠳᠠᠯᠭ᠎ᠠ ᠲᠠᠢ ᠵᠦᠢᠯᠡᠰ ᠤᠨ ᠲᠣᠭᠤᠷᠢᠨ ᠳᠤ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ᠂ ᠵᠣᠬᠢᠴᠠᠭᠤᠯᠬᠤ ᠦᠢᠯᠡᠴᠢᠯᠡᠭᠡ ᠶᠢ ᠰᠠᠶᠢᠲᠤᠷ ᠬᠢᠵᠦ ᠂ ᠲᠦᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠬᠦ ᠪᠠᠲᠤᠯᠠᠵᠤ᠂ ᠪᠦᠳᠦᠭᠡᠨ ᠪᠠᠶᠢᠭᠤᠯᠤᠯᠲᠠ ᠶᠢᠨ ᠲᠦᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠰᠢᠶᠠᠨ ᠤ ᠤᠳᠤᠷᠢᠳᠤᠯᠭ᠎ᠠ ᠭᠤᠤ ᠹᠧᠩ᠂ ᠵᠠᠩ ᠴᠢᠤᠸᠠᠨ ᠱᠧᠩ᠂ ᠶᠤᠸᠠᠨ ᡁᠢ᠂ ᠸᠠᠩ ᠯᠠᠢ ᠵᠣ᠋᠂ ᠸᠠᠩ ᠪᠦᠦ ᠫᠢᠩ ᠨᠡᠷ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶᠠᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ