ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠮᠠᠨ ᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠡᠳ᠋ ᠤᠨ ᠵᠠᠰᠠᠭ ᠤᠨ ᠬᠦᠴᠦᠨ ᠢᠶᠠᠨ ᠡᠷᠭᠦᠵᠦ ᠪᠠᠶᠢᠨ᠎ᠠ
ᠨᠡᠶᠢᠲᠡᠯᠡᠭᠰᠡᠨ ᠴᠠᠭ᠄
2021/10/11
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ ᠪᠠ ᠳᠠᠭᠠᠭᠠᠴᠢᠯᠠᠨ ᠬᠠᠷᠢᠯᠴᠠᠬᠤ ᠵᠠᠮ ᠬᠠᠷᠢᠯᠴᠠᠭᠠᠨ ᠤ ᠵᠠᠮ ᠤᠨ ᠠᠭᠤᠯᠵᠠᠷ ᠲᠤ ᠲᠣᠬᠢᠷᠠᠭᠤᠯᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠮᠠᠨ ᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠪᠡ᠃       ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠡᠯ᠎ᠡ ᠨᠠᠮ ᠤᠨ ᠡᠭᠦᠷ ᠦᠳᠲᠡᠷ ᠲᠦᠷᠭᠡᠨ ᠬᠥᠳᠡᠯᠦᠯᠴᠡᠵᠦ᠂ ᠤᠷᠢᠳ ᠬᠤᠵᠢᠳ ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠲᠠᠢ ᠫᠢᠩ ᠵᠡᠭᠡᠯᠢ ᠶᠢᠨ ᠨᠡᠶᠢᠭᠡᠮ ᠲᠣᠭᠤᠷᠢᠭ᠂ ᠰᠢᠶᠠᠨ ᠹᠦ᠋ ᠵᠡᠭᠡᠯᠢ ᠶᠢᠨ ᠨᠡᠶᠢᠭᠡᠮ ᠲᠣᠭᠤᠷᠢᠭ᠂ ᠠᠵᠢᠯᠴᠢᠨ ᠨᠡᠶᠢᠭᠡᠮ ᠲᠣᠭᠤᠷᠢᠭ᠂ ᠪᠠᠶᠠᠨ ᠡᠮᠦᠨ᠎ᠡ ᠵᠠᠮ ᠤᠨ ᠨᠡᠶᠢᠭᠡᠮ ᠲᠣᠭᠤᠷᠢᠭ᠂ ᠰᠢ ᠴᠠ ᠹᠠᠩ ᠨᠡᠶᠢᠭᠡᠮ ᠲᠣᠭᠤᠷᠢᠭ ᠲᠠᠢ ᠢᠳᠡᠪᠬᠢᠲᠡᠢ ᠵᠣᠯᠭᠠᠭᠤᠯᠵᠤ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ ᠪᠣᠯᠤᠨ ᠠᠵᠢᠯ ᠤᠨ ᠬᠡᠷᠡᠭᠴᠡᠭᠡ ᠶᠢ ᠣᠶᠢᠯᠠᠭᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠡᠭᠡᠯᠵᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠡᠳᠦᠷ ᠪᠦᠷᠢ ᠨᠡᠶᠢᠭᠡᠮ ᠲᠣᠭᠤᠷᠢᠭ ᠲᠤ ᠬᠦᠷᠴᠦ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠬᠤ ᠬᠥᠮᠥᠨ᠂ ᠪᠣᠳᠠᠲᠠᠢ ᠭᠠᠵᠠᠷ ᠪᠣᠯᠤᠨ ᠠᠵᠢᠯ ᠤᠨ ᠭᠤᠣᠯ ᠠᠭᠤᠯᠭ᠎ᠠ ᠶᠢ ᠲᠣᠳᠣᠷᠬᠠᠶᠢᠯᠠᠪᠠ᠃ ᠨᠠᠮ ᠤᠨ ᠭᠡᠰᠢᠭᠦᠨ ᠺᠠᠳ᠋ᠷ ᠡᠭᠡᠯᠵᠢ ᠶᠢᠨ ᠬᠦᠰᠦᠨᠦᠭᠲᠦ ᠶᠢ ᠦᠨᠳᠦᠰᠦᠯᠡᠨ ᠡᠳᠦᠷ ᠪᠦᠷᠢ ᠪᠠᠶᠢᠭ᠎ᠠ ᠨᠡᠶᠢᠭᠡᠮ ᠲᠣᠭᠤᠷᠢᠭ ᠲᠠᠭᠠᠨ ᠭᠦᠨᠵᠡᠭᠡᠶᠢᠷᠡᠵᠦ᠂ ᠨᠡᠶᠢᠭᠡᠮ ᠲᠣᠭᠤᠷᠢᠭ ᠤᠨ ᠲᠤᠤᠷᠵᠢᠭᠰᠠᠨ ᠬᠠᠮᠢᠶᠠᠷᠤᠯᠲᠠ ᠶᠢᠨ ᠠᠵᠢᠯᠳᠠᠨ ᠲᠠᠢ ᠬᠠᠮᠵᠢᠯᠴᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠥᠷᠨᠢᠭᠦᠯᠵᠦ᠂ ᠠᠷᠢᠭᠤᠨ ᠴᠡᠪᠡᠷ ᠤᠨ ᠪᠠᠯᠠᠢ ᠭᠠᠵᠠᠷ ᠢ ᠴᠡᠪᠡᠷᠯᠡᠵᠦ᠂ ᠳᠤᠷ᠎ᠠ ᠪᠠᠷ ᠵᠣᠭᠰᠣᠭᠠᠭᠰᠠᠨ ᠨᠡᠶᠢᠲᠡ ᠶᠢᠨ ᠳᠤᠭᠤᠢ ᠲᠡᠷᠭᠡ ᠶᠢ ᠲᠢᠭᠯᠡᠵᠦ ᠂ ᠵᠠᠮ ᠤᠨ ᠬᠤᠶᠠᠷ ᠬᠠᠵᠠᠭᠤ ᠶᠢᠨ ᠬᠤᠭ ᠨᠣᠪᠰᠢ ᠵᠢᠴᠢ ᠵᠦᠯᠭᠡᠨ ᠳᠡᠭᠡᠷ᠎ᠡ ᠬᠠᠶᠠᠭᠰᠠᠨ ᠲᠠᠮᠠᠬᠢᠨ ᠶᠤᠵᠤᠭᠤᠷ ᠢ ᠴᠡᠪᠡᠷᠯᠡᠵᠦ᠂ ᠪᠣᠯᠪᠠᠰᠤᠨ ᠪᠤᠰᠤ ᠠᠵᠢᠯᠯᠠᠭ᠎ᠠ ᠶᠢ ᠢᠳᠬᠠᠨ ᠰᠤᠷᠭᠠᠬᠤ ᠵᠡᠷᠭᠡ ᠬᠠᠮᠢᠶ᠎ᠠ ᠪᠦᠬᠦᠢ ᠠᠵᠢᠯ ᠢ ᠬᠢᠪᠡ᠃      ᠡᠨᠡ ᠬᠤᠭᠤᠴᠠᠭᠠᠨ ᠳᠤ᠂ ᠨᠠᠮ ᠤᠨ ᠭᠡᠰᠢᠭᠦᠨ ᠺᠠᠳ᠋ᠷᠴᠤᠳ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠬᠠᠭᠤᠯᠤᠭᠴᠢ ᠪᠣᠯᠬᠤ ᠪᠠᠷ ᠴᠢᠷᠮᠠᠶᠢᠨ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠪᠦᠬᠦᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠪᠡᠶᠡᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠦᠢᠯᠡᠴᠢᠯᠡᠭᠴᠢ ᠪᠣᠯᠬᠤ ᠪᠠᠷ ᠴᠢᠷᠮᠠᠶᠢᠨ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠬᠤᠰᠤᠭᠤᠷ᠂ ᠱᠤᠸᠠᠰᠠ᠂ ᠴᠠᠪᠠᠤ ᠠᠷᠢᠯᠭᠠᠬᠤ ᠡᠳ᠋ ᠵᠡᠷᠭᠡ ᠠᠷᠢᠭᠤᠨ ᠴᠡᠪᠡᠷ ᠤᠨ ᠡᠳ᠋ ᠪᠣᠳᠠᠰ ᠤᠨ ᠬᠡᠷᠡᠭᠰᠡᠯ ᠢ ᠪᠡᠯᠡᠭᠯᠡᠨ ᠬᠦᠷᠭᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠢᠳᠬᠠᠨ ᠰᠤᠷᠭᠠᠬᠤ ᠠᠵᠢᠯ ᠢ ᠥᠷᠨᠢᠭᠦᠯᠵᠦ᠂ ᠶᠠᠪᠠᠭᠠᠨ ᠬᠥᠮᠦᠨ᠂ ᠮᠠᠰᠢᠨ ᠬᠦᠳᠡᠯᠭᠡᠭᠦᠷᠲᠦ ᠪᠣᠰᠤ ᠲᠡᠷᠭᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ