ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ ᠾᠧ ᠬᠠᠢ ᠳ᠋ᠦᠩ ᠡᠷᠬᠢᠯᠡᠪᠡ
ᠨᠡᠶᠢᠲᠡᠯᠡᠭᠰᠡᠨ ᠴᠠᠭ᠄
2021/10/11
      ︵ᠰᠤᠷᠪᠤᠯᠵᠢᠯᠠᠭᠴᠢ ᠠᠷᠢᠭᠤᠨ᠎ᠠ︶  10 ᠳ᠋ᠤᠭᠠᠷ ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠬᠤᠷᠠᠯ ᠠᠴᠠ ︽ᠬᠥᠬᠡᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ ︵2021 — 2023 ᠣᠨ︶︾ ︽ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠵᠤ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ︽ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠵᠢᠭᠦᠯᠬᠦ ᠲᠥᠰᠦᠯ︾ ︽ᠬᠥᠬᠡᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠲᠥᠰᠦᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠠᠵᠤ ᠦᠢᠯᠡᠰ ᠤᠨ ᠪᠣᠬᠢᠷᠲᠤᠯ ᠦᠭᠡᠶ ᠪᠠᠷ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨᠬᠦ ᠨᠠᠩ ᠲᠣᠪᠤᠶᠢᠮ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠪᠣᠯᠣᠨ ᠬᠥᠬᠡᠬᠤᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂  ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ ᠬᠠᠮᠳᠤᠷᠠᠨ ᠦᠷ᠎ᠡ ᠠᠰᠢᠭ ᠢ ᠨᠡᠮᠡᠭᠳᠡᠭᠦᠯᠬᠦ ᠪᠠᠷ ᠶᠡᠷᠦᠩᠬᠡᠶ ᠭᠠᠷᠳᠠᠴᠠ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠬᠡᠪᠴᠢᠶᠡᠨ ᠳᠤ ︽ᠳᠠᠷᠤᠭᠠᠰᠤ ᠶᠢ ᠬᠥᠩᠭᠡᠯᠡᠵᠦ ᠶᠠᠰᠤ ᠴᠢᠨᠠᠷ ᠢ ᠳᠡᠭᠡᠭᠰᠢᠯᠡᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠭᠦᠨᠵᠡᠭᠡᠶᠢᠷᠡᠭᠦᠯᠦᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠳᠠᠪᠤᠷᠢ᠂ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠦᠪᠰᠢᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠤᠨ ᠬᠠᠮᠤᠷᠬᠤ ᠬᠡᠪᠴᠢᠶ᠎ᠡ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠢᠷᠤᠮᠵᠢᠭᠰᠠᠨ ᠬᠢᠷᠢ ᠲᠦᠪᠰᠢᠨ ᠪᠠ ᠠᠷᠠᠳ ᠣᠯᠠᠨ ᠤ ᠰᠤᠷᠭᠠᠨ ᠬᠥᠮᠦᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠲᠣᠭᠲᠠᠴᠠ ᠪᠠᠶᠢᠭᠤᠯᠬᠤ ᠶᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠢᠭᠡᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠮᠠᠨ ᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ