ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/10/11
res01_attpic_brief (9).jpg
res04_attpic_brief (7).jpg
      ᠣᠷᠴᠢᠮ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠲᠠ ᠢᠳᠡ    ᠬᠥᠭ ᠲᠠᠢ᠂ ᠤᠷᠤᠭᠰᠢᠲᠠᠢ ᠶᠠᠪᠤᠭᠳᠠᠵᠤ᠂ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠯᠡᠬᠡᠨ ᠪᠠᠶᠢᠨ᠎ᠠ᠃       ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠢᠨ᠎ᠡ ᠨᠢᠰᠬᠡᠯ ᠤᠨ ᠪᠠᠭᠤᠳᠠᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠠᠴᠠ ᠤᠷᠢᠳᠴᠢᠯᠠᠨ ᠨᠢᠭᠡᠳᠦᠯᠲᠡᠶ ᠲᠥᠯᠥᠪᠯᠡᠨ᠂ ᠤᠷᠢᠳᠴᠢᠯᠠᠨ ᠵᠢᠯᠣᠭᠤᠳᠴᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠨᠥᠯᠥᠭᠡᠯᠡᠵᠦ ᠪᠠᠶᠢᠭ᠎ᠠ ᠬᠦᠴᠢᠷᠳᠡᠯ ᠪᠠ ᠲᠦᠭᠵᠢᠷᠡᠯ ᠢ ᠪᠦᠲᠦᠮᠵᠢᠲᠡᠶ ᠰᠢᠯᠤᠭᠤᠳᠬᠠᠪᠠ︔ ᠪᠠᠷᠢᠯᠭ᠎ᠠ ᠶᠢᠨ ᠨᠢᠭᠡᠴᠡ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠦᠢᠯᠡᠳᠪᠦᠷᠢᠯᠡᠯ ᠤᠨ ᠡᠬᠢ ᠪᠠᠶᠠᠯᠢᠭ ᠢ ᠭᠦᠢᠴᠡᠳ ᠳᠣᠭᠢᠷᠠᠭᠤᠯᠤᠨ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠳᠡᠯᠮᠦᠷᠢᠯᠡᠨ ᠠᠵᠢᠯᠯᠠᠵᠤ ᠪᠠᠶᠢᠭ᠎ᠠ ᠬᠥᠮᠦᠰ ᠤᠨ ᠲᠤᠭ᠎ᠠ ᠬᠠᠰᠤᠭᠳᠠᠭᠰᠠᠨ ᠥᠬᠡᠶ ᠮᠥᠷᠲᠡᠭᠡᠨ ᠬᠠᠷᠢᠨ ᠨᠡᠮᠡᠭᠳᠡᠵᠦ᠂ ᠤᠤᠯ ᠤᠨ 1100 ᠬᠥᠮᠦᠨ ᠪᠠᠶᠢᠭᠰᠠᠨ ᠠᠴᠠ ᠪᠠᠨ ᠨᠡᠮᠡᠭᠳᠡᠭᠡᠳ 1300 ᠬᠥᠮᠦᠨ ᠪᠣᠯᠵᠣ᠂ ᠡᠭᠡᠯᠵᠢ ᠨᠡᠮᠡᠵᠦ ᠴᠠᠭ ᠨᠡᠮᠡᠵᠦ ᠠᠵᠢᠯᠯᠠᠪᠠ︔ ᠬᠢᠨᠠᠨ ᠬᠠᠮᠢᠶᠠᠷᠬᠤ ᠨᠢᠭᠡᠴᠡ ᠪᠥᠬᠦ ᠶᠠᠪᠤᠴᠠ ᠳᠤ ᠬᠠᠵᠠᠭᠤ ᠠᠴᠠ ᠬᠢᠨᠠᠨ ᠬᠠᠮᠢᠶᠠᠷᠴᠤ᠂ ᠪᠠᠷᠢᠯᠭ᠎ᠠ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠪᠠ᠃      ᠣᠶᠢᠯᠠᠭᠠᠭᠰᠠᠨ ᠢᠶᠠᠷ᠂ ᠰᠢᠨ᠎ᠡ ᠨᠢᠰᠬᠡᠯ ᠤᠨ ᠪᠠᠭᠤᠳᠠᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠤᠨ ᠬᠢᠨ ᠡᠨᠡ ᠡᠪᠦᠯ ᠠᠴᠠ ᠡᠮᠦᠨᠡᠬᠢ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠳᠥᠷᠪᠡᠨ ᠪᠧᠲ᠋ᠤᠨ ᠤ ᠬᠥᠭᠡᠷᠭᠡ ᠶᠢᠨ ᠲᠡᠷᠭᠡ᠂ ᠠᠷᠪᠠᠨ 25t ᠶᠢᠨ ᠳᠡᠭᠦᠵᠢ ᠲᠡᠷᠭᠡ᠂ ᠠᠷᠪᠠᠨ ᠬᠤᠶᠠᠷ ᠰᠤᠪᠤᠷᠭᠠᠨ ᠳᠡᠭᠦᠵᠢ ᠪᠠ ᠬᠡᠲᠦ ᠬᠡᠳᠦᠨ ᠠᠴᠢᠶᠠᠯᠠᠬᠤ ᠮᠠᠰᠢᠨ᠂ ᠰᠢᠷᠣᠶ ᠲᠦᠯᠬᠢᠬᠦ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠣᠷᠣᠭᠤᠯᠤᠨ᠂ 1300 ᠪᠥᠲᠥᠭᠡᠨ ᠪᠠᠶᠢᠭᠤᠯᠤᠭᠴᠢ ᠪᠠᠴᠢᠮ ᠶᠠᠭᠠᠷᠠᠯᠲᠠᠶ ᠠᠵᠢᠯᠯᠠᠵᠤ᠂ ᠠᠶᠠᠯᠠᠯ ᠤᠨ ᠥᠷᠲᠡᠭᠡᠨ ᠤ ᠠᠰᠠᠷ ᠤᠨ ᠲᠡᠮᠦᠷ ᠵᠠᠮ ᠤᠨ ᠠᠭᠤᠯᠵᠠᠷ ᠤᠨ ᠬᠡᠰᠡᠭ ᠤᠨ ᠰᠠᠭᠤᠷᠢ ᠬᠠᠪᠲᠠᠰᠤ ᠶᠢ 4 — 17 ᠲᠡᠩᠭᠡᠯᠢᠭ ᠢᠶᠠᠷ ᠤᠷᠢᠳᠴᠢᠯᠠᠨ ᠦᠯᠡᠳᠡᠭᠡᠵᠦ᠂ ᠶᠡᠷᠦᠩᠬᠡᠶ ᠣᠷᠳᠣ ᠨᠢ 120.38m ᠬᠦᠷᠴᠦ᠂ ᠨᠡᠶᠢᠲᠡ 4840 ᠪᠣᠰᠤᠭ᠎ᠠ ᠳᠥᠷᠪᠡᠯᠵᠢᠨ ᠮᠧᠲᠷ ᠪᠧᠲ᠋ᠤᠨ ᠴᠢᠳᠬᠤᠪᠠ︔ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ 10 ᠮᠧᠲᠷ ᠤᠨ ᠳᠠᠪᠬᠤᠷᠭ᠎ᠠ ᠳᠤ 3850 ᠪᠣᠰᠤᠭ᠎ᠠ ᠳᠥᠷᠪᠡᠯᠵᠢᠨ ᠮᠧᠲᠷ ᠪᠤᠲ᠋ᠤᠨ ᠴᠢᠳᠬᠤᠵᠤ᠂ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠲᠡᠮᠦᠷ ᠵᠠᠮ ᠤᠨ ᠠᠭᠤᠯᠵᠠᠷ ᠤᠨ ᠬᠡᠰᠡᠭ ᠪᠠ 10 ᠮᠧᠲᠷ ᠤᠨ ᠳᠠᠪᠬᠤᠷᠭ᠎ᠠ ᠶᠢᠨ ᠪᠣᠯᠣᠳ ᠰᠢᠷᠪᠥᠰᠥ ᠶᠢ 1680t ᠤᠶᠠᠪᠠ︔ ᠨᠢᠰᠦᠯᠲᠡ ᠶᠢᠨ ᠲᠣᠭᠤᠷᠢᠭ ᠲᠤ 61000 ᠲᠡᠭᠰᠢ ᠳᠥᠷᠪᠡᠯᠵᠢᠨ ᠮᠧᠲᠷ ᠤᠨ ᠬᠥᠷᠥᠰᠥ ᠶᠢ ᠴᠡᠪᠡᠷᠯᠡᠪᠡ᠃ ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ