2021ᠣᠨ ᠤ ᠵᠣᠣ ᠵᠢᠶᠦ᠋ᠨ ᠤ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠵᠢᠴᠢ ︽ᠵᠣᠣ ᠵᠢᠶᠦ᠋ᠨ ᠤ ᠰᠣᠶᠣᠯ ᠤᠨ ᠬᠥᠮᠥᠷᠭᠡ︾ ᠶᠢ ᠠᠩᠬ᠎ᠠ ᠲᠠᠷᠬᠠᠭᠠᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/10/12
      10 ᠳ᠋ᠤᠭᠠᠷ ᠰᠠᠷ᠎ᠠ ᠶᠢᠨ 11 ᠤ ᠡᠳᠦᠷ᠂ 2021 ᠣᠨ ᠤ ᠵᠣᠣ ᠵᠢᠶᠦ᠋ᠨ ᠤ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠵᠢᠴᠢ ︽ᠵᠣᠣ ᠵᠢᠶᠦ᠋ᠨ ᠤ ᠰᠣᠶᠣᠯ ᠤᠨ ᠬᠥᠮᠥᠷᠭᠡ︾ ᠶᠢ ᠠᠩᠬ᠎ᠠ ᠲᠠᠷᠬᠠᠭᠠᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ᠃       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠸᠢ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠪᠠᠶᠠᠷ ᠤᠨ ᠦᠭᠡ ᠬᠡᠯᠡᠵᠡᠶ᠃       ᠲᠠᠩ ᠶᠦᠩ ᠬᠡᠯᠡᠬᠦ ᠳᠡᠭᠡᠨ᠂ ᠮᠠᠨ ᠤ ᠬᠤᠲᠠ 1999 ᠣᠨ ᠠᠴᠠ ᠡᠬᠢᠯᠡᠨ ᠵᠣᠣ ᠵᠢᠶᠦ᠋ᠨ ᠤ ᠰᠣᠶᠣᠯ ᠤᠨ ᠨᠠᠶᠢᠷ ᠢ ᠡᠷᠭᠢᠯᠡᠵᠦ᠂ ︽ᠡᠶ᠎ᠡ ᠨᠠᠶᠢᠷᠠᠮᠳᠠᠭᠤ᠂ ᠡᠩᠬᠡ ᠲᠠᠶᠢᠪᠤᠩ ᠂ ᠡᠶ᠎ᠡ ᠵᠣᠬᠢᠴᠠᠯ ᠲᠠᠢ᠂ ᠨᠡᠭᠡᠭᠡᠯᠲᠡᠲᠡᠶ᠂ ᠬᠥᠭᠵᠢᠯᠲᠡ ︾ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨᠴᠢ ᠴᠢᠨᠠᠷ ᠢ ᠳᠣᠪᠣᠶᠢᠯᠭᠠᠨ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠰᠣᠶᠣᠯ ᠤᠨ ᠦᠪᠡᠳᠡᠭᠰᠢ ᠨᠠᠶᠢᠷ ᠢ ᠡᠳ᠋ᠯᠡᠭᠦᠯᠪᠡ︔ ᠨᠡᠭᠡᠭᠡᠯᠲᠡᠲᠦ ᠴᠢᠨᠠᠷ ᠢ ᠳᠣᠪᠣᠶᠢᠯᠭᠠᠨ᠂ ᠵᠣᠣ ᠵᠢᠶᠦ᠋ᠨ ᠤ ᠰᠣᠶᠣᠯ ᠢ ᠨᠡᠩ ᠬᠤᠯᠠ ᠤᠯᠠᠮᠵᠢᠯᠠᠵᠤ᠂ ᠨᠡᠩ ᠥᠷᠭᠡᠨ ᠳᠡᠯᠭᠡᠷᠡᠭᠦᠯᠪᠡ︔ ᠠᠭᠤᠰᠤᠯᠴᠠᠨ ᠨᠡᠪᠲᠡᠷᠡᠯᠴᠡᠬᠦ ᠴᠢᠨᠠᠷ ᠢ ᠳᠣᠪᠣᠶᠢᠯᠭᠠᠨ᠂ ᠦᠨᠳᠦᠰᠦᠲᠡᠨ ᠤ ᠪᠦᠯᠬᠦᠮᠳᠡᠯ ᠤᠨ ᠤᠯᠠᠨ ᠡᠰᠢᠲᠦ ᠰᠣᠶᠣᠯ ᠢ ᠵᠡᠷᠭᠡᠪᠡᠷ ᠬᠥᠭᠵᠢᠭᠦᠯᠪᠡ᠃ 20 ᠭᠠᠷᠤᠶ ᠵᠢᠯ  ᠭᠦᠨᠵᠡᠭᠡᠶ ᠪᠥᠭᠡᠳ ᠦᠷᠭᠦᠯᠵᠢᠯᠡᠨ ᠡᠭᠦᠳᠦᠨ ᠪᠦᠲᠦᠭᠡᠬᠦ ᠪᠠᠷ ᠳᠡᠮᠵᠢᠨ᠂ ︽ᠬᠡᠷ ᠪᠦᠯᠢ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠯ ᠲᠠᠢ᠂ ᠳᠡᠯᠡᠬᠡᠶ ᠡᠩᠬᠡ ᠲᠠᠶᠢᠪᠤᠩ︾ ᠵᠣᠣ ᠵᠢᠶᠦ᠋ᠨ ᠤ ᠰᠣᠶᠣᠯ ᠤᠨ ᠭᠤᠤᠯᠯᠠᠬᠤ ᠣᠶᠢᠯᠠᠭᠠᠭᠳᠠᠬᠤᠨ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠷᠭᠡᠨ ᠢᠶᠠᠷ ᠮᠡᠳᠡᠷᠡᠭᠳᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠳᠥᠯᠭᠢᠨ ᠠᠬᠢᠭᠤᠯᠬᠤ ᠨᠠᠷᠠᠲᠤ ᠲᠡᠮᠳᠡᠭ ᠤᠨ ᠠᠵᠢᠯᠯᠠᠭ᠎ᠠ ᠪᠣᠯᠤᠭᠰᠠᠨ ᠪᠠᠶᠢᠨ᠎ᠠ᠃ ᠵᠣᠣ ᠵᠢᠶᠦ᠋ᠨ ᠤ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠲᠠᠪᠴᠠᠩ ᠪᠣᠯ ᠥᠩᠭᠡᠷᠡᠭᠰᠡᠨ ᠬᠤᠭᠤᠴᠠᠭᠠᠨ ᠤ ᠵᠣᠣ ᠵᠢᠶᠦ᠋ᠨ ᠤ ᠰᠣᠶᠣᠯ ᠤᠨ ᠨᠠᠶᠢᠷ ᠤᠨ ᠭᠤᠤᠯ ᠠᠭᠤᠯᠭ᠎ᠠ ᠶᠢᠨ ᠨᠢᠭᠡ ᠪᠠᠶᠢᠵᠤ᠂ ᠵᠣᠣ ᠵᠢᠶᠦ᠋ᠨ ᠤ ᠰᠣᠶᠣᠯ ᠢ ᠬᠠᠶᠢᠷᠠᠯᠠᠵᠤ᠂ ᠵᠣᠣ ᠵᠢᠶᠦ᠋ᠨ ᠤ ᠰᠣᠶᠣᠯ ᠢ ᠰᠤᠳᠤᠯᠵᠤ᠂ ᠵᠣᠣ ᠵᠢᠶᠦ᠋ᠨ ᠤ ᠰᠣᠶᠣᠯ ᠢ ᠪᠠᠳᠠᠷᠠᠭᠤᠯᠳᠠᠭ ᠡᠯ᠎ᠡ ᠡᠲᠡᠭᠡᠳ ᠤᠨ ᠨᠠᠶᠢᠵᠠ ᠨᠠᠷ ᠲᠤ ᠥᠷᠭᠡᠨ ᠠᠭᠤᠳᠠᠮ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃ ᠲᠣᠰ ᠤᠳᠠᠭᠠᠨ ᠤ ᠵᠣᠣ ᠵᠢᠶᠦ᠋ᠨ ᠤ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠨᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠪᠠᠷ ᠭᠤᠤᠯ ᠵᠣᠷᠢᠯᠲᠠ ᠪᠣᠯᠭᠠᠵᠤ᠂ ︽ᠵᠣᠣ ᠵᠢᠶᠦ᠋ᠨ ᠠᠷᠤ ᠭᠠᠵᠠᠷ ᠮᠤᠷᠳᠠᠭᠰᠠᠨ ᠪᠠ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ︾ ᠪᠠᠷ ᠭᠤᠤᠯ ᠰᠡᠳᠦᠪ ᠪᠣᠯᠭᠠᠭᠰᠠᠨ ᠪᠣᠯᠬᠤᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠨᠢ ᠯᠠᠪᠲᠠᠶ ᠶᠤᠮ ᠭᠡᠵᠡᠢ᠃       ᠱᠠᠨ ᠰᠢ᠂ ᠱᠠᠨᠰᠢ᠂ ᠾᠧᠨᠠᠨ᠂ ᠬᠤᠪᠸᠢ᠂ ᠥᠪᠥᠷ ᠮᠣᠩᠭᠤᠯ ᠵᠡᠷᠭᠡ ᠭᠠᠵᠠᠷ ᠤᠨ 120 ᠭᠠᠷᠤᠢ ᠵᠤᠤ ᠵᠢᠶᠦ᠋ᠨ ᠤ ᠰᠣᠶᠣᠯ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠂ ᠡᠷᠳᠡᠮᠲᠡᠨ ᠶᠠᠷᠢᠶᠠᠨ ᠤ ᠲᠠᠪᠴᠠᠩ ᠳᠤ ᠣᠷᠣᠯᠴᠠᠭᠰᠠᠨ ᠪᠥᠭᠡᠳ ︽ᠵᠤᠤ ᠵᠢᠶᠦ᠋ᠨ ᠤ ᠰᠣᠶᠣᠯ ᠤᠨ ᠬᠥᠮᠥᠷᠭᠡ︾ ᠳᠠᠬᠢ ︽ᠵᠤᠤ ᠵᠢᠶᠦ᠋ᠨ ᠤ ᠮᠦᠽᠧᠢ︾ ᠪᠣᠯᠤᠨ ︽ᠥᠩᠭᠡᠷᠡᠭᠰᠡᠨ ᠤ ᠵᠤᠤ ᠵᠢᠶᠦ᠋ᠨ ᠤ ᠰᠡᠳᠦᠪᠲᠦ ᠨᠠᠶᠢᠷᠠᠭᠤᠯᠤᠯ ᠤᠨ ᠪᠦᠲᠦᠭᠡᠯ ᠤᠨ ᠲᠡᠭᠦᠪᠦᠷᠢ︾ ᠬᠤᠶᠠᠷ ᠲᠡᠳ᠋ ᠠᠩᠭᠢᠯᠠᠯ ᠤᠨ ᠰᠢᠨ᠎ᠡ ᠨᠣᠮ ᠤᠨ ᠠᠩᠬ᠎ᠠ ᠲᠠᠷᠬᠠᠭᠠᠬᠤ ᠶᠣᠰᠣᠯᠠᠯ ᠳᠤ ᠣᠷᠣᠯᠴᠠᠪᠠ᠃ ︵ᠰᠦᠨ ᠶᠤᠸᠠᠢ ᠯᠦᠩ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ