9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 170274.21 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2021/10/12
      ︵ᠰᠤᠷᠪᠤᠯᠵᠢᠯᠠᠭᠴᠢ ᠰᠥᠩ ᠰᠢᠶᠠᠩ ᠬᠤᠸᠠ︶ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠡᠮᠵᠢᠨ ᠨᠡᠶᠢᠲᠡ 170274.21 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠨᠡᠶᠢᠲᠡ 9 ᠬᠦᠷᠢᠶᠡᠨ ᠳᠠᠬᠢ 57 ᠲᠥᠷᠥᠯ ᠤᠨ 73 ᠵᠦᠢᠯ ᠤᠨ ᠨᠥᠬᠦᠪᠥᠷᠢ ᠮᠥᠩᠭᠦ ᠲᠠᠷᠬᠠᠭᠠᠭᠰᠠᠨ ᠪᠠᠶᠢᠨ᠎ᠠ᠃ ᠡᠭᠦᠨ ᠳᠤ ᠲᠠᠷᠬᠠᠭᠠᠭᠰᠠᠨ ᠠᠷᠠᠳ ᠤᠨ ᠠᠮᠢᠳᠤᠷᠠᠯ ᠤᠨ ᠵᠢᠷᠭᠤᠭᠠᠨ ᠶᠡᠭᠡ ᠲᠥᠷᠥᠯ ᠤᠨ ᠨᠥᠬᠦᠪᠥᠷᠢ ᠪᠠᠯᠠ ᠮᠥᠩᠭᠦ ᠨᠡᠯᠢᠶᠡᠳ ᠶᠡᠭᠡ ᠬᠡᠮᠵᠢᠶ᠎ᠡ ᠶᠢ ᠡᠵᠡᠯᠡᠪᠡ᠃      ᠣᠶᠢᠯᠠᠭᠠᠭᠰᠠᠨ ᠢᠶᠠᠷ᠂ 1 — 9 ᠳ᠋ᠦ᠋ᠭᠡᠷ ᠰᠠᠷ᠎ᠠ ᠳᠤ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠲᠠᠷᠢᠶᠠᠴᠢᠳ ᠤᠨ ᠨᠥᠬᠦᠪᠦᠷᠢ ᠪᠡᠯᠡ ᠮᠥᠩᠭᠦ  ᠶᠢ ᠨᠡᠶᠢᠲᠡ 158602.1 ᠲᠦᠮᠡᠨ ᠲᠥᠭᠦᠷᠢᠭ ᠲᠠᠷᠬᠠᠭᠠᠵᠤ᠂ 93.15% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠠᠯᠠ ᠮᠥᠩᠭᠦ ᠶᠢ 11672.11 ᠲᠦᠮᠡᠨ ᠲᠥᠭᠦᠷᠢᠭ ᠲᠠᠷᠬᠠᠭᠠᠵᠤ᠂ 6.85% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠦ᠂ ᠡᠭᠦᠨ ᠳᠤ ᠬᠥᠳᠡᠭᠡ ᠲᠣᠰᠬᠤᠨ ᠤ ᠨᠥᠬᠦᠪᠥᠷᠢ ᠤᠯᠬᠤ ᠡᠲᠡᠭᠡᠳ 2718873 ᠬᠥᠮᠦᠨ ᠤᠳᠠᠭ᠎ᠠ ᠬᠦᠷᠴᠦ᠂ 94.68% ᠶᠢ ᠡᠵᠡᠯᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠣᠯᠬᠤ ᠡᠲᠡᠭᠡᠳ 152639 ᠬᠥᠮᠦᠨ ᠬᠦᠷᠴᠦ᠂ 5.32%  ᠢ ᠡᠵᠡᠯᠡᠪᠡ᠃       ᠲᠠᠷᠬᠠᠭᠠᠭᠰᠠᠨ ᠠᠷᠠᠳ ᠤᠨ ᠠᠮᠢᠳᠤᠷᠠᠯ ᠤᠨ ᠵᠢᠷᠭᠤᠭᠠᠨ ᠶᠡᠭᠡ ᠲᠥᠷᠥᠯ ᠤᠨ ᠨᠥᠬᠦᠪᠥᠷᠢ ᠪᠠᠯᠠ ᠮᠥᠩᠭᠦ ᠨᠢ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠤᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠣᠶ ᠰᠢᠭᠤᠶ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠪᠣᠯᠤᠨ᠎ᠠ᠃ ᠡᠭᠦᠨ ᠳᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 78804.38 ᠲᠦᠮᠡᠨ ᠲᠥᠭᠦᠷᠢᠭ ᠬᠦᠷᠴᠦ᠂ 46.28% ᠶᠢ ᠡᠵᠡᠯᠡᠪᠡ︔ ᠲᠠᠷᠢᠶᠠᠯᠠᠩ ᠤᠨ ᠲᠦᠷᠦᠯ ᠤᠨ ᠨᠥᠬᠦᠪᠥᠷᠢ ᠪᠡᠯᠡ ᠮᠥᠩᠭᠦ 62836.58 ᠲᠦᠮᠡᠨ ᠲᠥᠭᠦᠷᠢᠭ ᠬᠦᠷᠴᠦ᠂ 36.9% ᠶᠢ ᠡᠵᠡᠯᠡᠪᠡ︔ ᠴᠠᠯᠢᠩ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 11232.85 ᠲᠦᠮᠡᠨ ᠲᠥᠭᠦᠷᠢᠭ ᠬᠦᠷᠴᠦ᠂ 6.6% ᠶᠢ ᠡᠵᠡᠯᠡᠪᠡ︔ ᠣᠶ ᠰᠢᠭᠤᠶ ᠶᠢᠨ ᠲᠥᠷᠥᠯ ᠤᠨ ᠨᠥᠬᠦᠪᠥᠷᠢ ᠪᠠᠯᠠ ᠮᠥᠩᠭᠦ 9400.65 ᠲᠦᠮᠡᠨ ᠲᠥᠭᠦᠷᠢᠭ ᠬᠦᠷᠴᠦ᠂ 5.52% ᠢ ᠡᠵᠡᠯᠡᠪᠡ︔ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 3820.35 ᠲᠦᠮᠡᠨ ᠲᠥᠭᠦᠷᠢᠭ ᠬᠦᠷᠴᠦ᠂ 2.24% ᠶᠢ ᠡᠵᠡᠯᠡᠪᠡ︔ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 3166.19 ᠲᠦᠮᠡᠨ ᠲᠥᠭᠦᠷᠢᠭ ᠬᠦᠷᠴᠦ᠂ 1.86% ᠶᠢ ᠡᠵᠡᠯᠡᠪᠡ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ