ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ  ᠾᠧ ᠬᠠᠢ ᠳ᠋ᠦᠩ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2021/10/12
      10 ᠳ᠋ᠤᠭᠠᠷ ᠰᠠᠷ᠎ᠠ ᠶᠢᠨ 11 ᠤ ᠡᠳᠦᠷ᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠶᠡᠭᠡ ᠬᠤᠷᠠᠯ ᠬᠥᠬᠡᠬᠤᠲᠠ ᠳᠤ ᠶᠠᠪᠤᠭᠳᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠧᠨ ᠢ ᠢᠦᠶ᠂ ᠢᠦᠶ ᠬᠦᠶ ᠷᠦᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠦᠨ ᠵᠢᠦ ᠯᠢᠨ᠂ ᠵᠠᠩ ᠮᠢᠩ ᠭᠤᠤ ᠵᠡᠷᠭᠡ ᠤᠯᠤᠰ ᠤᠨ ᠳᠣᠲᠣᠭᠠᠳᠤ ᠶᠢᠨ 400 ᠭᠠᠷᠤᠶ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ᠂ ᠡᠷᠳᠡᠮᠲᠡᠨ ᠬᠥᠬᠡᠬᠤᠲᠠ ᠳᠤ ᠴᠤᠭᠯᠠᠷᠠᠵᠤ᠂ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢ ᠪᠦᠲᠦᠮᠵᠢᠲᠡᠶ ᠬᠠᠮᠢᠶᠠᠷᠬᠤ᠂ ᠲᠥᠪᠯᠡᠷᠡᠭᠦᠯᠦᠨ ᠨᠡᠶᠢᠳᠬᠡᠬᠦ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠵᠡᠷᠭᠡ ᠶᠢᠨ ᠲᠣᠭᠤᠷᠢᠨ ᠳᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠭ᠎ᠠ ᠥᠷᠨᠢᠭᠦᠯᠪᠡ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠶ ᠳ᠋ᠦᠩ ᠬᠤᠷᠠᠯ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠶ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠪᠦᠬᠦ ᠲᠠᠯ᠎ᠠ ᠪᠠᠷ ᠳᠡᠪᠰᠢᠵᠦ᠂ ᠢᠯᠠᠩᠭᠤᠶ᠎ᠠ ᠪᠦᠬᠦ ᠤᠯᠤᠰ ᠤᠨ ᠬᠠᠮᠤᠭ ᠤᠨ ᠲᠣᠮᠣ ᠡᠭᠦᠯᠡᠨ ᠪᠣᠳᠣᠯᠲᠠ ᠶᠢᠨ ᠰᠠᠭᠤᠷᠢᠨ ᠭᠠᠵᠠᠷ ᠲᠤ ᠲᠦᠰᠢᠭᠯᠡᠨ᠂ ᠤᠯᠤᠰ ᠤᠨ ᠲᠣᠮᠣ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠭᠤᠣᠯ ᠰᠢᠭᠤᠳ ᠵᠠᠯᠭᠠᠬᠤ ᠴᠡᠭ ᠤᠨ ᠬᠤᠲᠠ᠂ ᠣᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠲᠤᠰᠬᠠᠶ ᠨᠡᠪᠲᠡᠷᠡᠬᠦ ᠵᠠᠮ᠂ ᠪᠥᠬᠦ ᠤᠯᠤᠰ ᠤᠨ ᠨᠢᠭᠡ ᠴᠤᠭᠴᠠᠵᠢᠭᠰᠠᠨ ᠲᠣᠮᠣ ᠳ᠋ᠠᠶᠢᠲ᠋ᠠ ᠶᠢᠨ ᠲᠥᠪ ᠤᠨ ᠰᠢᠰᠲ᠋ᠧᠮᠵᠢ ᠶᠢᠨ ᠤᠯᠤᠰ ᠤᠨ ᠵᠠᠩᠭᠢᠯᠠᠭ᠎ᠠ ᠶᠢᠨ ᠴᠡᠭ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠵᠥᠪᠰᠢᠶᠡᠷᠡᠯ ᠢ ᠠᠮᠵᠢᠯᠲᠠᠲᠠᠶ ᠤᠯᠪᠠ ᠭᠡᠵᠡᠢ᠃       ᠾᠧ ᠬᠠᠢ ᠳ᠋ᠦᠩ ᠬᠡᠯᠡᠬᠦ ᠳᠡᠭᠡᠨ᠂ ᠰᠠᠶ᠋ᠢᠬᠠᠨ ᠲᠡᠭᠦᠰᠦᠭᠰᠡᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠬᠥᠬᠡᠬᠤᠲᠠ ︽ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ︾᠂ ︽ᠲᠤᠮᠤ ᠳ᠋ᠠᠶᠢᠲ᠋ᠠ᠂ ᠡᠭᠦᠯᠡᠨ ᠪᠤᠳᠤᠯᠳᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠬᠤ︾ ᠶᠢ ᠪᠦᠬᠦ ᠬᠤᠳᠠ ᠶᠢᠨ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠲᠥᠯᠥᠪᠵᠢᠭᠦᠯᠵᠦ ᠪᠠᠶᠢᠷᠢᠯᠠᠭᠤᠯᠵᠠᠢ᠃ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠯᠠᠪᠲᠠᠢ ᠨᠢᠭᠡᠨ ᠴᠤ᠋  ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠤᠭᠲᠤᠨ ᠠᠪᠴᠢᠷᠠᠬᠤ ᠪᠣᠯᠤᠨ᠎ᠠ᠃ ᠡᠨᠡ ᠤᠳᠠᠭ᠎ᠠ ᠶᠢᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠶᠡᠭᠡ ᠬᠤᠷᠠᠯ ᠨᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠬᠥᠬᠡᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ︽ᠦᠵᠡᠰᠬᠦᠯᠡᠩᠲᠦ ᠰᠠᠶᠢᠬᠠᠨ ᠬᠦᠭᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢ ᠪᠦᠳᠦᠭᠡᠨ ᠪᠠᠶᠢᠭᠤᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠪᠠ ᠴᠢᠳᠠᠪᠤᠷᠢᠲᠠᠨ ᠤ ᠤᠶᠤᠨ ᠤ ᠪᠠᠲᠤᠯᠠᠭ᠎ᠠ ᠶᠢ ᠬᠠᠩᠭᠠᠬᠤ ᠨᠢ ᠯᠠᠪᠲᠠᠢ ᠶᠤᠮ᠃ ᠤᠯᠠᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ ᠨᠡᠩ ᠭᠦᠨ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠬᠥᠬᠡᠬᠤᠲᠠ ᠯᠠᠪᠲᠠᠢ ᠬᠠᠮᠤᠭ ᠤᠨ ᠶᠡᠭᠡ ᠡᠷᠴᠢ ᠬᠦᠴᠦᠨ ᠢᠶᠠᠷ ᠢᠶᠠᠨ ᠤᠯᠠᠨ ᠳᠤ ᠬᠠᠮᠤᠭ ᠤᠨ ᠬᠠᠷᠠᠭᠠᠯᠵᠠᠯ ᠲᠠᠢ ᠲᠦᠷᠦ ᠶᠢᠨ ᠪᠤᠳᠤᠯᠭ᠎ᠠ᠂ ᠬᠠᠮᠤᠭ ᠤᠨ ᠲᠦᠬᠦᠮ ᠦᠢᠯᠡᠴᠢᠯᠡᠭᠡ᠂ ᠬᠠᠮᠤᠭ ᠤᠨ ᠬᠦᠴᠦᠲᠡᠢ ᠪᠠᠲᠤᠯᠠᠭ᠎ᠠ ᠬᠠᠩᠭᠠᠬᠤ ᠪᠣᠯᠤᠨ᠎ᠠ ᠭᠡᠵᠡᠢ᠃      ᠬᠤᠷᠠᠯ ᠳᠡᠭᠡᠷ᠎ᠡ᠂ ᠬᠤᠷᠢᠨᠭᠡᠷ ᠰᠢᠨ᠎ᠡ ᠲᠣᠭᠤᠷᠢᠭ ᠨᠢ ᠤᠯᠤᠰ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠲᠥᠪ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠡᠭᠡᠷ᠎ᠡ ᠶᠢᠨ ᠠᠵᠢᠭᠯᠠᠯᠲᠠ ᠶᠢᠨ ᠦᠷᠳᠡᠭᠡ ᠶᠢᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠂ ᠤᠯᠤᠰ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠲᠥᠪ ᠤᠨ ᠬᠤᠪᠢᠶᠠᠷᠢ ᠲᠥᠪ ᠴᠦ ᠲᠤᠰ ᠲᠤᠰ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠲᠤᠰᠬᠠᠢ ᠵᠥᠪᠯᠡᠯ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠬᠢᠭᠡᠳ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ ᠥᠷᠲᠡᠭᠡ︾ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠢᠦᠶ ᠬᠦᠶ ᠷᠦᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠮᠢᠩ ᠭᠤᠤ᠂ ᠠᠮᠧᠷᠢᠺᠠ ᠶᠢᠨ ᠮᠠᠷᠢᠯᠠᠨᠳ᠋ ᠶᠡᠭᠡ ᠰᠤᠷᠭᠠᠭᠤᠯᠢ ᠶᠢᠨ ᠭᠠᠵᠠᠷ ᠵᠦᠶ ᠶᠢᠨ ᠰᠠᠯᠪᠤᠷᠢ ᠶᠢᠨ ᠫᠷᠣᠹᠧᠰᠰᠣᠷ ᠯᠢᠶᠠᠩ ᠱᠦᠨ ᠯᠢᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠺᠣᠮᠫᠢᠦ᠋ᠲ᠋ᠧᠷ ᠤᠨ ᠰᠦᠯᠵᠢᠶᠡᠨ ᠤ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ ᠵᠧᠤ ᠶᠤᠸᠠᠨ ᠴᠦᠨ ᠶᠡᠭᠡ ᠬᠤᠷᠠᠯ ᠳᠤ ᠢᠯᠡᠳᠬᠡᠯ ᠬᠢᠪᠠ᠃ ᠶᠡᠭᠡ ᠬᠤᠷᠠᠯ ᠠᠴᠠ ᠪᠠᠰᠠ ᠭᠤᠷᠪᠠᠨ ᠲᠦᠷᠦᠯ ᠤᠨ ᠭᠤᠣᠯ ᠰᠡᠳᠦᠪᠲᠦ 25 ᠲᠠᠯᠠᠪᠤᠷ ᠬᠤᠪᠢᠶᠠᠷᠢ ᠬᠤᠷᠠᠯ ᠢ ᠲᠤᠬᠢᠷᠠᠭᠤᠯᠪᠠ᠃       ᠬᠤᠳᠠ ᠶᠢᠨ ᠳᠡᠳ᠋ ᠳᠠᠷᠤᠭ᠎ᠠ ᠰᠢᠤᠢ ᠱᠧᠤ ᠵᠢᠢ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ