︽ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/12
      ᠨᠢᠭᠡ᠂ ︽ᠠᠷᠭ᠎ᠠ︾ ᠶᠢ ᠲᠣᠭᠲᠠᠭᠠᠭᠰᠠᠨ ᠭᠤᠣᠯ ᠦᠨᠳᠦᠰᠦᠯᠡᠯ      12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢᠨ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠠᠯᠠᠮᠰᠢᠯ ᠤᠲᠠᠰᠤᠨ ᠤ ᠬᠠᠮᠢᠶᠠᠷᠤᠯᠲᠠ ᠠᠵᠢᠯᠯᠠᠭᠠᠨ ᠢ ᠵᠢᠷᠤᠮᠵᠢᠭᠤᠯᠬᠤ ᠶᠢᠨ ᠲᠦᠯᠦᠭᠡ᠂ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ︹ 2020 ︺53 ᠳ᠋ᠤᠭᠠᠷ ᠲᠣᠭᠠᠲᠤ︶᠂ ︽︿ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠮᠭᠭᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹ 2021 ︺25 ᠳ᠋ᠤᠭᠠᠷ ᠲᠣᠭᠠᠲᠤ︶ ᠪᠠ ︽︿ᠬᠥᠬᠡᠬᠤᠲᠠ ᠶᠢᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤᠨ ᠤ ᠲᠠᠪᠴᠠᠩ ᠢ ᠪᠠᠶᠢᠭᠤᠯᠵᠤ ︿ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ﹀ ᠶᠢ ᠳᠥᠯᠭᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠠᠯᠪᠠᠨ ᠬᠡᠷ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠨᠠᠮ ᠠᠯᠪᠠᠨ ᠮᠡᠳᠡᠭᠳᠡᠯ︹ 2020 ︺9  ᠳ᠋ᠤᠭᠡᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠡᠷᠢᠭᠦᠨ ᠤ ᠭᠠᠵᠠᠷ ᠣᠷᠣᠨ ᠤ ᠬᠤᠲᠠ ᠶᠢᠨ ᠠᠷᠠᠳ ᠤᠨ ᠦᠢᠯᠡᠴᠢᠯᠡᠭᠡᠨ ᠬᠠᠯᠠᠮᠰᠢᠯ ᠤᠲᠠᠰᠤᠨ ᠤ ᠬᠤᠯᠪᠣᠭᠳᠠᠯ ᠪᠦᠬᠦᠢ ᠳᠦᠷᠢᠮ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠰ ︽ᠠᠷᠭ᠎ᠠ ︵ᠲᠥᠰᠦᠯ︶︾ ᠶᠢ ᠲᠤᠭᠤᠷᠪᠢᠪᠠ᠃      ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ       ︽ᠠᠷᠭ᠎ᠠ︾ ᠶᠢ ᠶᠡᠷᠦᠩᠬᠡᠶ ᠲᠦᠷᠢᠮ᠂ ᠭᠥᠯᠢᠶᠡᠨ ᠠᠪᠴᠤ  ᠰᠢᠢᠳᠪᠦᠷᠢᠯᠡᠬᠦ᠂ ᠬᠦᠢᠴᠡᠳᠭᠡᠬᠦ ᠪᠠ ᠬᠠᠷᠢᠭᠤᠯᠲᠠ ᠥᠭᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠬᠢᠨᠠᠨ ᠰᠢᠯᠭᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ᠂ ᠮᠡᠳᠡᠯᠭᠡ ᠶᠢᠨ ᠬᠥᠮᠥᠷᠭᠡ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠬᠠᠮᠢᠶᠠᠷᠤᠯᠲᠠ ᠪᠠ ᠬᠡᠷᠡᠭᠯᠡᠯᠲᠡ ᠭᠡᠵᠦ ᠬᠤᠪᠢᠶᠠᠪᠠ᠂ ᠳᠠᠭᠠᠯᠳᠤᠭᠤᠯᠤᠭᠰᠠᠨ ᠲᠦᠷᠢᠮ ᠳᠤ ᠨᠡᠶᠢᠲᠡ ᠨᠠᠢᠮᠠᠨ ᠪᠦᠯᠦᠭ ᠭᠤᠴᠢᠨ ᠲᠤᠯᠤᠭᠠᠨ ᠵᠦᠢᠯ ᠪᠣᠶ᠃       ︵ᠨᠢᠭᠡ︶ ᠶᠡᠷᠦᠩᠬᠡᠶ ᠲᠦᠷᠢᠮ᠃ ᠭᠤᠤᠯᠳᠠᠭᠤ ᠲᠣᠰ ᠠᠷᠭ᠎ᠠ ᠶᠢ ᠲᠣᠭᠲᠠᠭᠠᠬᠤ ᠶᠢᠨ ᠦᠨᠳᠦᠰᠦᠯᠡᠯ ᠪᠠ ᠵᠢᠯᠣᠭᠤᠳᠤᠨ ᠳᠣᠭᠢᠷᠠᠭᠤᠯᠬᠤ ᠲᠥᠪ ᠵᠢᠴᠢ ᠡᠯ᠎ᠡ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃       ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ ᠃ ᠡᠭᠦᠨ ᠳᠤ ᠭᠤᠤᠯᠳᠠᠭᠤ  ᠬᠠᠮᠠᠯᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ᠂ ᠬᠦᠷᠢᠶ᠎ᠡ ᠬᠡᠪᠴᠢᠶ᠎ᠡ ᠪᠠ ᠥᠯᠥ ᠭᠥᠯᠢᠶᠡᠨ ᠠᠪᠴᠤ ᠰᠢᠢᠳᠪᠦᠷᠢᠯᠡᠬᠦ  ᠵᠦᠢᠯᠡᠰ ᠢ ᠲᠣᠳᠣᠷᠬᠠᠶᠢᠯᠠᠪᠠ᠃       ︵ᠭᠤᠷᠪᠠ︶  ᠬᠦᠢᠴᠡᠳᠭᠡᠬᠦ ᠪᠠ ᠬᠠᠷᠢᠭᠤᠯᠲᠠ ᠥᠭᠬᠦ᠃ ᠡᠭᠦᠨ ᠳᠤ ᠭᠤᠤᠯᠳᠠᠭᠤ ᠡᠯ᠎ᠡ ᠲᠥᠷᠥᠯ ᠤᠨ ᠭᠤᠮᠣᠳᠠᠯ ᠲᠣᠭᠠᠴᠢᠬᠤ ᠠᠵᠢᠯ ᠤᠨ ᠬᠠᠭᠤᠳᠠᠰᠤ ᠶᠢ ᠭᠦᠢᠴᠡᠳᠭᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠵᠢᠴᠢ ᠠᠵᠢᠯ ᠤᠨ ᠬᠠᠭᠤᠳᠠᠰᠤ ᠶᠢ ᠬᠦᠢᠴᠡᠳᠭᠡᠬᠦ ᠦᠨᠳᠦᠰᠦᠨ ᠵᠠᠷᠴᠢᠮ ᠪᠠ ᠭᠤᠤᠯ ᠪᠣᠯᠬᠤ ᠠᠵᠢᠯ ᠤᠨ ᠲᠣᠭᠲᠠᠴᠠ ᠶᠢ ᠲᠣᠳᠣᠷᠬᠠᠶᠢᠯᠠᠪᠠ᠃       ︵ᠳᠥᠷᠪᠡ︶  ᠰᠢᠮᠳᠠᠭᠤᠯᠤᠨ ᠰᠢᠢᠳᠪᠦᠷᠢᠯᠡᠭᠦᠯᠬᠦ᠃ ᠡᠭᠦᠨ ᠳᠤ ᠭᠤᠣᠯᠳᠠᠭᠤ ᠰᠢᠮᠳᠠᠭᠤᠯᠤᠨ ᠰᠢᠢᠳᠪᠦᠷᠢᠯᠡᠭᠦᠯᠬᠦ ᠠᠭᠤᠯᠭ᠎ᠠ ᠪᠠ ᠰᠢᠮᠳᠠᠭᠤᠯᠤᠨ ᠰᠢᠢᠳᠪᠦᠷᠢᠯᠡᠭᠦᠯᠬᠦ ᠠᠷᠭ᠎ᠠ ᠮᠠᠶ᠋ᠢᠭ ᠢ ᠲᠣᠳᠣᠷᠬᠠᠶ ᠲᠣᠭᠲᠠᠭᠠᠵᠠᠶ᠃       ︵ᠲᠠᠪᠤ︶ ᠬᠢᠨᠠᠨ ᠰᠢᠯᠭᠠᠵᠤ ᠦᠨᠡᠯᠡᠬᠦ᠃ ᠡᠭᠦᠨ ᠳᠤ ᠭᠤᠣᠯᠳᠠᠭᠤ ︽ᠭᠤᠷᠪᠠᠨ ᠨᠤᠷᠮ᠎ᠠ︾ ᠶᠢᠨ ᠰᠢᠯᠭᠠᠨ ᠦᠨᠡᠯᠡᠬᠦ ᠠᠷᠭ᠎ᠠ ᠪᠠ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠲᠣᠳᠣᠷᠬᠠᠶᠢᠯᠠᠪᠠ᠃       ︵ᠵᠢᠷᠭᠤᠭ᠎ᠠ︶ ᠮᠡᠳᠡᠯᠭᠡ ᠶᠢᠨ ᠬᠥᠮᠥᠷᠭᠡ᠃  ᠭᠤᠤᠯᠳᠠᠭᠤ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠤᠨ ᠬᠠᠮᠢᠶᠠᠷᠬᠤ᠂ ᠰᠢᠨᠡᠳᠬᠡᠨ ᠬᠠᠮᠠᠭᠠᠯᠠᠬᠤ ᠪᠠ ᠭᠤᠤᠯ ᠠᠭᠤᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃      ︵ᠳᠣᠯᠤᠭ᠎ᠠ︶ ᠲᠤᠭ᠎ᠠ ᠪᠠᠷᠢᠮᠲᠠ ᠶᠢ ᠵᠠᠳᠠᠯᠤᠨ ᠬᠠᠮᠢᠶᠠᠷᠬᠤ ᠪᠠ ᠬᠡᠷᠡᠭᠯᠡᠬᠦ᠃  ᠭᠤᠤᠯᠳᠠᠭᠤ ᠬᠤᠲᠠ ᠶᠢᠨ ᠵᠠᠭᠠᠯᠳᠤᠯᠭ᠎ᠠ ᠶᠢ ᠭᠥᠯᠢᠶᠡᠨ  ᠠᠪᠤᠭᠰᠠᠨ ᠳᠠᠷᠤᠶ  ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠬᠠᠯᠠᠮᠰᠢᠯ ᠤᠲᠠᠰᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠬᠤᠯᠤᠭᠰᠠᠨ ᠤ ᠬᠤᠪᠢ ᠳᠤ᠂ ᠬᠠᠯᠠᠮᠰᠢᠯ ᠤᠲᠠᠰᠤᠨ ᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠳᠤ ᠣᠯᠠᠨ ᠵᠦᠢᠯ ᠤᠨ ᠬᠡᠯᠪᠡᠷᠢ ᠶᠢᠨ ᠵᠠᠳᠠᠯᠤᠯᠲᠠ᠂ ᠬᠠᠮᠢᠶᠠᠷᠤᠯᠲᠠ ᠪᠠ ᠬᠡᠷᠡᠭᠯᠡᠯᠲᠡ ᠬᠢᠬᠦ ᠶᠢ ᠲᠣᠳᠣᠷᠬᠠᠶᠢᠯᠠᠭᠰᠠᠨ ᠪᠠᠶᠢᠨ᠎ᠠ᠃       ︵ᠨᠠᠢᠮᠠ︶ ᠳᠠᠭᠠᠯᠳᠤᠭᠤᠯᠤᠭᠰᠠᠨ ᠲᠥᠷᠢᠮ᠃ ᠭᠤᠣᠯᠳᠠᠭᠤ ᠬᠠᠯᠠᠮᠰᠢᠯ ᠤᠲᠠᠰᠤ ᠶᠢᠨ ᠠᠵᠢᠯ ᠤᠨ ᠲᠣᠭᠤᠷᠢᠨ ᠪᠠᠶᠢᠴᠠᠭᠠᠯᠲᠠ᠂ ᠤᠳᠤᠷᠢᠳᠤᠯᠭ᠎ᠠ  ᠶᠢᠨ ᠬᠠᠯᠠᠮᠰᠢᠯ ᠤᠲᠠᠰᠤ ᠶᠢ ᠬᠦᠯᠢᠶᠡᠨ ᠠᠪᠴᠤ ᠰᠣᠨᠣᠰᠬᠤ᠂ ᠺᠠᠳ᠋ᠷ ᠢ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠪᠠ ᠠᠵᠢᠯ ᠤᠨ ᠬᠦᠮᠦᠵᠢᠯ ᠪᠣᠯᠪᠠᠰᠤᠷᠠᠭᠤᠯᠤᠯ ᠢ ᠲᠣᠳᠣᠷᠬᠠᠶᠢᠯᠠᠪᠠ᠃                          ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠭᠠᠯᠳᠤᠯᠭ᠎ᠠ ᠶᠢ                        ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠥᠪ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ