︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠣᠭᠲᠠᠬᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠰᠢᠭᠤᠷᠬᠠᠢ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ︔ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠶᠡᠭᠡ ᠲᠦᠷᠦᠯ ᠵᠦᠢᠯ ᠢ ᠠᠳᠬᠤᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠲᠣᠭᠲᠠᠬᠤ ᠰᠢᠶᠠᠨ ᠤ ᠴᠢᠨᠠᠷ ᠰᠠᠶᠢᠲᠠᠢ ᠪᠦᠭᠡᠳ | ᠬᠥᠭᠡᠭᠡᠵᠦ ᠭᠦᠢᠴᠡᠨ ᠳᠠᠪᠠᠵᠤ ᠭᠠᠷᠬᠤ ᠬᠦᠭᠵᠢᠯᠲᠡ ᠶᠢᠨ ᠠᠯᠬᠤᠴᠠ ᠶᠢ ᠳᠠᠰᠤᠷᠠᠯᠳᠠ ᠦᠭᠡᠢ ᠲᠦᠷᠭᠡᠳᠬᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠡᠭᠦᠷᠭᠡᠯᠡᠯ ᠢ ᠬᠠᠷᠠᠭᠤᠯᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠪᠣᠣ ᠭᠠᠩ ᠥᠪᠥᠷ ᠮᠣᠩᠭᠤᠯ ᠤᠨ ᠳ᠋ᠠ ᠲᠠᠩ ᠤᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠡᠭᠦᠷᠡᠰᠦᠨ ᠤ ᠦᠢᠯᠡᠳᠪᠦᠷᠢᠯᠡᠯ᠂ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠪᠣᠯᠤᠨ ᠴᠠᠬᠢᠯᠭᠠᠨ ᠤ | ᠦᠢᠯᠡᠳᠪᠦᠷᠢ ᠶᠢᠨ ᠴᠠᠬᠢᠯᠭᠠᠨ ᠭᠠᠷᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ | ᠴᠢᠩᠭᠠᠳᠬᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠰᠯᠡᠯ ᠤᠨ ᠬᠡᠷᠡᠭᠯᠡᠬᠦ ᠴᠠᠬᠢᠯᠭᠠᠨ ᠢ ᠪᠦᠬᠦ ᠲᠠᠯ᠎ᠠ ᠪᠠᠷ ᠪᠠᠲᠤᠯᠠᠬᠤ ᠶᠢ | ᠵᠣᠷᠢᠭᠵᠢᠭᠤᠯᠪᠠ᠃ ᠪᠣᠣ ᠭᠠᠩ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠳᠠ ᠶᠢᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠥᠪᠥᠷ | ᠮᠣᠩᠭᠤᠯ ᠤᠨ ᠳ᠋ᠠ ᠲᠠᠩ ᠤᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠵᠡᠷᠭᠡ ᠲᠥᠪ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠦᠢᠯᠡᠴᠢᠯᠡᠭᠡᠨ ᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨᠴᠠᠭᠠᠶᠢᠯᠠᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠴᠠᠬᠢᠯᠭᠠᠨ ᠭᠠᠷᠭᠠᠬᠤ ᠶᠣᠰᠣᠲᠠᠢ ᠪᠦᠬᠦᠨ ᠢ ᠴᠠᠬᠢᠯᠭᠠᠨ ᠭᠠᠷᠭᠠᠭᠤᠯᠵᠤ᠂ ᠪᠦᠬᠦ ᠣᠷᠣᠨ᠂ ᠪᠦᠬᠦ ᠤᠯᠤᠰ ᠤᠨ ᠶᠡᠭᠡ ᠲᠠᠯ᠎ᠠ ᠳᠤ | ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃ | ᠪᠣᠣ ᠭᠠᠩ ᠶᠢᠨ ᠾᠧ ᠶᠢᠦ ᠪᠧᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠪᠣᠯᠤᠨ ᠥᠪᠥᠷ ᠮᠣᠩᠭᠤᠯ ᠤᠨ ᠶᠢᠨ ᠾᠧ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ | ᠪᠣᠣ ᠭᠠᠩ ᠴᠢᠬᠤᠯᠠᠴᠢᠯᠠᠬᠤ ᠳᠠᠭᠠᠨ᠂ ᠲᠣᠭᠲᠠᠬᠤ ᠰᠢᠶᠠᠨ ᠨᠢ ᠣᠷᠣᠨ ᠤ ᠲᠥᠪ ᠬᠤᠲᠠ ᠶᠢᠨ ᠠᠵᠤ ᠦᠢᠯᠡᠳᠪᠦᠷᠢ ᠶᠢᠨ ᠲᠣᠮᠣ ᠰᠢᠶᠠᠨ ᠪᠣᠯᠤᠭᠰᠠᠨ ᠤ ᠬᠤᠪᠢ ᠳᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠠᠷᠠᠯᠲᠠ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠤᠨ᠂ ᠰᠢᠶᠠᠨ ᠤ ᠬᠡᠪᠴᠢᠶᠡᠨ ᠤ ᠳᠠᠪᠠᠭᠤᠯᠢᠭ ᠠᠵᠤ ᠦᠢᠯᠡᠰ ᠲᠤ ᠰᠠᠭᠤᠷᠢᠯᠠᠨ᠂ ᠪᠣᠬᠢᠷᠲᠤᠯ ᠦᠭᠡᠶ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠴᠡᠪᠡᠷ | ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ ᠪᠣᠯᠭᠠᠭᠰᠠᠨ ᠣᠳᠣᠬᠢᠴᠢᠯᠠᠭᠰᠠᠨ ᠠᠵᠤ | ᠦᠢᠯᠡᠰ ᠤᠨ ᠪᠥᠭᠡᠮᠨᠡᠷᠡᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠠᠮᠢᠨ ᠰᠤᠳᠠᠰᠤ ᠶᠢ ᠡᠮᠬᠢᠯᠡᠵᠦ᠂ ᠠᠵᠤ ᠦᠢᠯᠡᠰ ᠤᠨ ᠪᠠᠶᠢᠷᠢᠰᠢᠯ ᠢ ᠲᠥᠯᠥᠪᠵᠢᠭᠦᠯᠵᠦ | ᠂ ᠬᠤᠳᠠᠯᠳᠤᠭᠠᠴᠢᠨ ᠤᠷᠢᠬᠤ ᠲᠤᠰᠬᠠᠢ ᠠᠩᠬᠢ ᠪᠠᠶᠢᠭᠤᠯᠵᠤ᠂ ᠲᠡᠳᠬᠦᠬᠦ ᠲᠦᠷᠦ ᠶᠢᠨ ᠪᠤᠳᠤᠯᠭ᠎ᠠ ᠶᠢ ᠢᠵᠢ ᠪᠦᠷᠢᠳᠦᠭᠦᠯᠵᠦ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠢ ᠣᠨᠣᠪᠴᠢᠲᠠᠢ ᠤᠷᠢᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ᠵᠠᠮ ᠢ ᠰᠦᠪᠡᠭᠴᠢᠯᠡᠵᠦ᠂ ᠨᠢᠭᠡ ᠪᠦᠯᠦᠭ | ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠢᠯ ᠲᠦᠷᠦᠯ ᠤᠨ ᠲᠡᠷᠢᠭᠦᠨ ᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠠᠵᠤ ᠦᠢᠯᠡᠰ ᠤᠨ | ᠪᠥᠭᠡᠮᠨᠡᠷᠡᠯ ᠢ ᠪᠤᠢ ᠪᠣᠯᠭᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠪᠣᠣ ᠭᠠᠩ ᠬᠠᠲᠤᠨ ᠭᠤᠣᠯ ᠤᠨ ︽ᠭᠤᠷᠪᠠᠨ ᠣᠷᠣᠨ ᠬᠤᠶᠠᠷ ᠱᠤᠭᠤᠮ︾ ᠤᠨ ᠬᠠᠮᠢᠶᠠᠷᠤᠯᠲᠠ ᠡᠵᠡᠮᠳᠡᠯᠲᠡ ᠪᠠ ᠭᠤᠣᠯ ᠤᠨ ᠲᠠᠩ ᠢ ᠨᠡᠭᠦᠯᠭᠡᠨ ᠪᠠᠶᠢᠭᠤᠯᠤᠭᠰᠠᠨ | ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠤᠨ | ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ᠂ ᠥᠨᠳᠥᠷ ᠡᠰᠢᠲᠦ ᠲᠠᠷᠢᠮᠠᠯ ᠢ ᠬᠠᠮᠢᠶᠠᠷᠤᠨ ᠡᠵᠡᠮᠳᠡᠬᠦ ᠪᠠ ᠭᠤᠣᠯ ᠤᠨ ᠲᠠᠩ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠭᠤᠣᠯ ᠤᠨ ᠲᠠᠩ ᠢ | ᠨᠡᠭᠦᠯᠭᠡᠨ ᠪᠠᠶᠢᠭᠤᠯᠬᠤ ᠠᠵᠢᠯ ᠢ ᠲᠥᠯᠥᠪᠯᠡᠭᠡ ᠲᠠᠢ ᠪᠠᠷ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ | ᠲᠦᠯᠬᠢᠨ ᠠᠬᠢᠭᠤᠯᠬᠤ ᠬᠡᠷᠡᠭᠲᠡᠢ ᠭᠡᠵᠡᠢ᠃ |