ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ ᠲᠠᠪᠴᠠᠩ ᠢ  ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2021/10/13
      ᠡᠯ᠎ᠡ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠬᠦᠢᠴᠡᠳᠭᠡᠭᠴᠢ᠂ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠳᠤ᠄       ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠤᠤᠯ ᠴᠣᠭᠴᠠ ᠶᠢᠨ ᠠᠷᠠᠯᠵᠢᠶ᠎ᠠ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠬᠤ ᠶᠢᠨ ᠲᠤᠰᠠᠳᠠ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠨᠢ 2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ ᠲᠠᠪᠴᠠᠩ ᠢ ᠲᠤᠷᠰᠢᠨ ᠠᠵᠢᠯᠯᠠᠭᠤᠯᠤᠨ᠎ᠠ᠃       ᠨᠢᠭᠡ᠂ ᠲᠤᠷᠰᠢᠨ ᠠᠵᠢᠯᠯᠠᠭᠤᠯᠬᠤ ᠬᠡᠪᠴᠢᠶ᠎ᠡ       1. 2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠬᠡᠷ ᠪᠠᠶᠢᠰᠢᠩ ᠤᠨ ᠢᠨᠵᠧᠨᠧᠷᠢᠩ ᠬᠤᠲᠠ ᠶᠢᠨ ᠶᠠᠪᠤᠳᠠᠯ᠂ ᠤᠰᠤᠨ ᠠᠰᠢᠭᠯᠠᠯᠲᠠ ᠶᠢᠨ ᠢᠨᠵᠧᠨᠧᠷᠢᠩ᠂ ᠵᠠᠮ ᠬᠠᠷᠢᠯᠴᠠᠭᠠᠨ ᠤ ᠢᠨᠵᠧᠨᠧᠷᠢᠩ ᠤᠨ ᠲᠥᠷᠥᠯ ᠵᠦᠢᠯ᠃ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ  ᠳᠠᠭᠠᠭᠠᠯᠲᠠ ᠬᠢᠬᠦ ᠪᠠᠶᠢᠭᠤᠯᠤᠮᠵ᠊ ᠢ ᠥᠪᠡᠷᠲᠡᠭᠡᠨ ᠰᠤᠩᠭᠤᠵᠤ ᠡᠯᠧᠺᠲᠷᠤᠨ ᠳᠠᠭᠠᠭᠠᠯᠲᠠ ᠬᠢᠬᠦ ᠪᠠᠲᠤᠯᠠᠭ᠎ᠠ ᠶᠢᠨ ᠪᠢᠴᠢᠭ ᠤᠨ ᠠᠷᠭ᠎ᠠ ᠬᠡᠯᠪᠡᠷᠢ ᠪᠠᠷ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠪᠠᠨ ᠭᠡᠷᠡᠴᠢᠯᠡᠭᠦᠯᠵᠦ ᠪᠣᠯᠤᠨ᠎ᠠ᠃       2. ᠲᠤᠰ ᠤᠳᠠᠭ᠎ᠠ ᠳᠠᠪᠴᠠᠩ ᠳᠤ ᠣᠷᠤᠭᠤᠯᠤᠭᠰᠠᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠬᠠᠩᠭᠠᠬᠤ ᠪᠠᠩᠭᠢ  ᠄       ᠥᠪᠥᠷ ᠮᠣᠩᠭᠤᠯ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ  ᠹᠧᠩ ᠵᠸᠦ ᠵᠠᠮ ᠤᠨ ᠰᠠᠯᠪᠤᠷᠢ ᠪᠠᠩᠬᠢ       ᠳᠤᠮᠳᠠᠳᠤ ᠤᠯᠤᠰ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠳ᠋ᠠ ᠪᠧᠶ ᠵᠡᠭᠡᠯᠢ ᠶᠢᠨ ᠰᠠᠯᠪᠤᠷᠢ ᠪᠠᠩᠬᠢ       ᠬᠤᠳᠠᠯᠳᠤᠭᠠᠴᠢᠨ ᠣᠷᠢᠬᠤ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ      ᠬᠤᠶᠠᠷ᠂ ᠲᠤᠷᠰᠢᠨ ᠠᠵᠢᠯᠯᠠᠭᠤᠯᠬᠤ  ᠬᠤᠯᠪᠤᠭᠳᠠᠯ ᠪᠥᠬᠦᠶ ᠱᠠᠭᠠᠷᠳᠠᠯᠭ᠎ᠠ       1. ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠭᠴᠢ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ︽ᠡᠯᠧᠺᠲᠷᠣᠨ ᠳᠠᠭᠠᠭᠠᠯᠲᠠ ᠶᠢᠨ ᠪᠠᠲᠤᠯᠠᠭ᠎ᠠ ᠶᠢᠨ ᠪᠢᠴᠢᠭ︾ ᠤᠨ ᠲᠤᠬᠠᠶ ᠵᠦᠢᠯ ᠵᠤᠷᠪᠤᠰ ᠪᠠ ᠠᠭᠤᠯᠭ᠎ᠠ ᠶᠢ  ᠲᠤᠬᠢᠷᠠᠭᠤᠯᠬᠤ ᠦᠶ᠎ᠡ ᠳᠤ᠂ ᠵᠠᠷᠴᠢᠮ ᠨᠢ ︽ᠨᠢᠭᠡ ᠳᠠᠭᠠᠭᠠᠴᠢᠯᠠᠯᠲᠠ ᠶᠢᠨ ᠬᠡᠰᠡᠭ ᠨᠢᠭᠡ ᠪᠠᠲᠤᠯᠠᠭ᠎ᠠ ᠶᠢᠨ ᠪᠢᠴᠢᠭ︾ ᠪᠣᠯᠤᠨ᠎ᠠ᠂ ᠡᠨᠡ ᠨᠢ ᠭᠤᠤᠯᠳᠠᠭᠤ ᠠᠵᠤ ᠠᠬᠤᠶᠢᠯᠠᠯ ᠣᠯᠠᠨ ᠳᠠᠭᠠᠭᠠᠴᠢᠯᠠᠯᠲᠠ ᠶᠢᠨ ᠬᠡᠰᠡᠭ ᠤᠨ ᠳᠠᠭᠠᠭᠠᠴᠢᠯᠠᠯᠲᠠ ᠳᠤ ᠣᠷᠣᠯᠴᠠᠬᠤ ᠳᠤ᠂ ᠳᠠᠭᠠᠭᠠᠴᠢᠯᠠᠯᠲᠠ ᠶᠢᠨ ᠬᠡᠰᠡᠭ ᠨᠢᠭᠡᠪᠦᠷᠢ ᠳᠤ ᠴᠥᠮ ᠨᠢᠭᠡ ᠬᠤᠪᠢ ᠲᠤᠰᠠᠭᠠᠷ ᠡᠯᠧᠺᠲᠷᠣᠨ ᠪᠠᠲᠤᠯᠠᠭ᠎ᠠ ᠶᠢᠨ ᠪᠢᠴᠢᠭ ᠬᠠᠩᠭᠠᠬᠤ ᠬᠡᠷᠡᠭᠲᠡᠶ ᠭᠡᠳᠡᠭ ᠢ ᠲᠣᠳᠣᠷᠬᠠᠶᠢᠯᠠᠨ᠎ᠠ᠃ ᠡᠯᠧᠺᠲᠷᠣᠨ ᠪᠠᠲᠤᠯᠠᠭ᠎ᠠ ᠶᠢᠨ ᠪᠢᠴᠢᠭ ᠨᠢ ᠳᠠᠭᠠᠭᠠᠴᠢᠯᠠᠯᠲᠠ ᠳᠤ ᠣᠷᠣᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠨᠢᠭᠤᠴᠠ ᠪᠢᠴᠢᠭ ᠤᠨ ᠪᠠᠲᠤᠯᠠᠭ᠎ᠠ ᠶᠢᠨ ᠪᠢᠴᠢᠭ ᠪᠠᠶᠢᠵᠤ᠂ ᠳᠠᠭᠠᠭᠠᠴᠢᠯᠠᠯᠲᠠ ᠨᠡᠶᠢᠲᠡᠯᠡᠭᠰᠡᠨ ᠤ ᠲᠡᠷᠠᠭ᠎ᠠ ᠡᠯᠧᠺᠲᠷᠣᠨ ᠪᠠᠲᠤᠯᠠᠭ᠎ᠠ ᠶᠢᠨ ᠪᠢᠴᠢᠭ ᠨᠢ ᠠᠶᠠᠨᠳᠠᠭᠠᠨ ᠨᠢᠭᠤᠴᠠ ᠨᠢ ᠲᠠᠶᠢᠯᠤᠭᠳᠠᠵᠤ᠂ ᠢᠯᠠ ᠪᠠᠲᠤᠯᠠᠭ᠎ᠠ ᠶᠢᠨ ᠪᠢᠴᠢᠭ ᠪᠤᠯᠵᠦ ᠬᠤᠪᠢᠷᠠᠨ᠎ᠠ᠃       2. ᠳᠠᠭᠠᠭᠠᠴᠢᠯᠠᠯᠲᠠ ᠳᠤ ᠣᠷᠣᠭᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠠᠵᠢᠯᠯᠠᠭ᠎ᠠ ᠳᠤ ᠣᠷᠣᠯᠴᠠᠬᠤ ᠳᠠᠭᠠᠨ᠂ ᠪᠠᠲᠤᠯᠠᠭ᠎ᠠ ᠶᠢᠨ ᠮᠥᠩᠭᠦ ᠲᠤᠰᠢᠶᠠᠬᠤ ᠭᠡᠷᠡᠴᠢᠯᠡᠯ ᠤᠨ ᠠᠷᠭ᠎ᠠ ᠮᠠᠶ᠋ᠢᠭ ᠢ ᠥᠪᠡᠷᠲᠡᠭᠡᠨ  ᠰᠤᠩᠭᠤᠨ᠎ᠠ᠂ ᠠᠯᠢ  ᠵᠦᠢᠯ ᠤᠨ ᠠᠷᠭ᠎ᠠ ᠮᠠᠶ᠋ᠢᠭ ᠢ ᠬᠡᠷᠡᠭᠯᠡᠭᠰᠡᠨ ᠴᠦ ᠴᠥᠮ ᠳᠠᠭᠠᠭᠠᠴᠢᠯᠠᠯᠲᠠ ᠳᠤ ᠣᠷᠣᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠭᠠᠴᠢᠯᠠᠯᠲᠠ ᠳᠤ ᠣᠷᠣᠬᠤ ᠪᠠᠲᠤᠯᠠᠭ᠎ᠠ ᠶᠢᠨ ᠮᠥᠩᠭᠦ ᠲᠤᠰᠢᠶᠠᠬᠤ ᠪᠤᠶᠤ ᠭᠡᠷᠡᠴᠢᠯᠡᠯ ᠤᠨ ᠠᠵᠢᠯ ᠢ ᠪᠡᠶᠡᠯᠡᠭᠦᠯᠬᠦ ᠬᠡᠷᠡᠭᠲᠡᠶ᠃       ᠭᠤᠷᠪᠠ᠂ ᠪᠤᠰᠤᠳ ᠨᠠᠷᠢᠨ ᠵᠦᠢᠯᠡᠰ ᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠢ ᠠᠵᠢᠯᠯᠠᠭᠤᠯᠬᠤ ᠭᠠᠷ ᠳᠡᠪᠲᠡᠷ ᠲᠤ ᠯᠠᠪᠯᠠᠭᠠᠷᠠᠶ᠃                                                      2021 ᠣᠨ ᠤ 10  ᠳ᠋ᠤᠭᠠᠷ ᠰᠠᠷ᠎ᠠ ᠶᠢᠨ 12 ᠤᠨ  ᠡᠳᠦᠷ                 ᠢᠷᠡᠯᠲᠡ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ  ᠬᠠᠮᠢᠶᠠᠷᠤᠯᠲᠠ ᠶᠢᠨ ᠲᠣᠪᠴᠢᠶ᠎ᠠ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ