ᠮᠠᠨ ᠤ ᠬᠤᠲᠠ ᠡᠨᠡ ᠵᠢᠯ ᠤᠨ 333 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/10/13
res01_attpic_brief (1).jpg
       ᠣᠷᠣᠰᠢᠨ ᠰᠠᠭᠤᠬᠤ ᠳᠤ ᠲᠠᠭᠠᠯᠠᠮᠵᠢᠲᠠᠢ ᠣᠷᠴᠢᠨ ᠲᠣᠭᠤᠷᠢᠨ ᠪᠣᠯ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ  ᠬᠦᠰᠡᠯ ᠡᠷᠡᠮᠡᠯᠵᠡᠯ ᠪᠣᠯᠤᠨ᠎ᠠ᠂ ᠭᠡᠲᠡᠯ᠎ᠡ ᠭᠡᠷ ᠪᠠᠶᠢᠰᠢᠩ ᠨᠢ ᠬᠠᠭᠤᠴᠢᠨ᠂ ᠲᠥᠬᠦᠭᠡᠷᠦᠮᠵᠢ ᠨᠢ ᠬᠠᠭᠤᠴᠢᠨ᠂ ᠠᠮᠢᠳᠤᠷᠠᠯ ᠤᠨ ᠣᠷᠴᠢᠨ ᠲᠣᠭᠤᠷᠢᠨ ᠨᠢ ᠮᠠᠭᠤ ᠪᠠᠶᠢᠬᠤ ᠪᠣᠯ ᠮᠠᠰᠢ ᠤᠯᠠᠨ ᠬᠠᠭᠤᠴᠢᠨ ᠬᠤᠷᠢᠶᠠᠯᠠᠯ ᠤᠨ ᠰᠠᠭᠤᠭᠠᠯᠢ ᠠᠷᠠᠳ ᠤᠨ ᠬᠠᠮᠲᠤ ᠶᠢᠨ ᠵᠣᠪᠠᠵᠤ ᠪᠠᠶᠢᠭ᠎ᠠ ᠶᠠᠪᠤᠳᠠᠯ ᠪᠣᠯᠤᠨ᠎ᠠ᠂ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ ᠠᠵᠢᠯ ᠢᠶᠠᠷ ᠳᠠᠮᠵᠢᠭᠠᠳ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠬᠤ ᠳᠤ᠂ ᠮᠠᠨ ᠤ ᠬᠤᠳᠠ ᠡᠨᠡ ᠵᠢᠯ ᠤᠨ 333 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠪᠡ᠃ ᠥᠭᠡᠷᠡᠴᠢᠯᠡᠭᠰᠡᠨ ᠤ ᠳᠠᠷᠠᠭᠠᠬᠢ ᠬᠠᠭᠤᠴᠢᠨ ᠬᠤᠷᠢᠶᠠᠯᠠᠯ ᠨᠢ ᠥᠩᠭᠡᠷᠡᠭᠰᠡᠨ ᠤ ᠪᠤᠵᠠᠷ ᠡᠷᠦᠢ ᠬᠤᠷᠤᠢ ᠦᠭᠡᠢ ᠮᠠᠭᠤᠬᠠᠢ ᠪᠠᠶᠢᠭᠰᠠᠨ ᠠᠴᠠ ᠪᠠᠨ ᠴᠡᠪᠡᠷ ᠰᠠᠶᠢᠬᠠᠨ ᠪᠤᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠵᠡᠢ᠃ ᠵᠢᠷᠤᠭ ᠪᠣᠯ ᠥᠭᠡᠷᠡᠴᠢᠯᠡᠭᠰᠡᠨ ᠤ ᠳᠠᠷᠠᠭᠠᠬᠢ ᠥᠪᠥᠷ ᠮᠣᠩᠭᠤᠯ ᠤᠨ ᠡᠮ ᠲᠠᠩ ᠢ ᠰᠢᠯᠭᠠᠨ ᠪᠠᠶᠢᠴᠠᠭᠠᠬᠤ ᠭᠠᠵᠠᠷ ᠤᠨ ᠬᠤᠷᠢᠶᠠᠯᠠᠯ ᠤᠨ ᠬᠦᠷᠢᠶᠡᠨ ᠳᠤ ᠰᠢᠨ᠎ᠡ ᠪᠠᠷ ᠨᠡᠮᠡᠭᠳᠡᠭᠰᠡᠨ ᠰᠡᠷᠢᠭᠦᠨ ᠲᠢᠩᠰᠡ᠂ ᠬᠡᠤᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ ᠪᠠ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ