ᠪᠣᠦ ᠭᠠᠩ ᠰᠢᠨ᠎ᠡ ᠬᠤᠳᠠ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠩᠭᠠᠳᠬᠠᠭᠰᠠᠨ ᠨᠢ᠄ ᠴᠢᠨᠠᠷ ᠰᠠᠶᠢᠲᠠᠢ ᠬᠤᠳᠠ ᠶᠢᠨ ᠲᠣᠭᠤᠷᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ  ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ  ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢ ᠴᠢᠷᠮᠠᠶᠢᠨ ᠪᠥᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/14
      10 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠰᠢᠨ᠎ᠡ ᠬᠤᠲᠠ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠤᠯᠪᠣᠭᠳᠠᠯ ᠪᠦᠬᠦᠢ ᠬᠠᠷᠠᠯᠲᠠ ᠶᠢᠨ ᠲᠣᠭᠤᠷᠢᠨ ᠳᠤ᠂ ᠴᠢᠨᠠᠷ ᠰᠠᠶᠢᠲᠠᠢ ᠬᠤᠳᠠ ᠶᠢᠨ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢ ᠬᠦᠴᠦᠯᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠪᠣᠬᠢᠷᠲᠤᠯ ᠦᠭᠡᠢ ᠭᠡᠷ ᠣᠷᠣᠨ ᠢ ᠴᠢᠩ ᠰᠡᠳᠬᠢᠯ ᠠᠴᠠ ᠪᠠᠨ ᠬᠦᠴᠦᠯᠡᠨ ᠪᠦᠳᠦᠭᠡᠨ ᠪᠠᠶᠢᠭᠤᠯᠬᠤ ᠬᠡᠷᠡᠭᠲᠡᠢ ᠭᠡᠪᠡ᠃
微信图片_20211008123111.jpg  
      10 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠦ ᠭᠠᠩ ᠯᠠᠩ ᠴᠤᠤ ᠲᠣᠮᠤ ᠳ᠋ᠠᠶᠢᠲ᠋ᠠ ᠶᠢᠨ ᠲᠥᠪ ᠤᠨ ᠲᠥᠷᠦᠯ ᠵᠦᠢᠯ ᠳᠤ ᠪᠠᠶᠢᠴᠠᠭᠠᠨ ᠰᠣᠳᠤᠯᠤᠯᠲᠠ ᠬᠢᠪᠡ᠃
2.jpg  
      10 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠦ ᠭᠠᠩ ᠬᠤᠸᠠ ᠰᠢᠶᠦ᠋ᠨ ᠳᠡᠭᠡᠳᠦ ᠰᠢᠨ᠎ᠡ ᠮᠡᠷᠭᠡᠵᠢᠯ ᠤᠨ ᠺᠤᠮᠫᠠᠨᠢ ᠳᠤ ᠪᠠᠶᠢᠴᠠᠭᠠᠨ ᠰᠣᠳᠤᠯᠤᠯᠲᠠ ᠬᠢᠪᠡ᠃
3.jpg  
      10 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ  ᠪᠣᠦ ᠭᠠᠩ  ᠲᠠᠢ ᠰᠢ ᠭᠤᠸᠠᠩ ᠬᠤᠸᠠ ᠺᠸᠠᠨ᠋ᠲ ᠤᠨ ᠨᠡᠭᠦᠷᠡᠰᠦᠲᠥ᠋ᠷᠥᠭᠴᠢ ᠶᠢᠨ ᠲᠥᠷᠦᠯ ᠵᠦᠢᠯ ᠳᠤ ᠪᠠᠶᠢᠴᠠᠭᠠᠨ ᠰᠣᠳᠤᠯᠤᠯᠲᠠ ᠬᠢᠪᠡ᠃       ᠪᠦᠦ ᠭᠠᠩ ᠨᠠᠷ ᠤᠷᠢᠳ ᠬᠤᠵᠢᠳ ᠰᠢᠨ᠎ᠡ ᠬᠤᠳᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠬᠴᠠᠵᠢᠭᠤᠯᠬᠤ ᠲᠦᠷᠦᠯ ᠵᠦᠢᠯ᠂ ᠯᠠᠩ ᠴᠤᠤ ᠲᠤᠮᠤ ᠳ᠋ᠠᠶᠢᠲ᠋ᠠ ᠶᠢᠨ ᠲᠥᠪ ᠤᠨ ᠲᠦᠷᠦᠯ ᠵᠦᠢᠯ᠂ ᠬᠤᠸᠠ ᠰᠢᠶᠦ᠋ᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠲᠦᠷᠦᠯ ᠵᠦᠢᠯ᠂  ᠲᠠᠢ ᠰᠢ ᠭᠤᠸᠠᠩ ᠬᠤᠸᠠ ᠺᠸᠠᠨ᠋ᠲ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠲᠦᠷᠦᠯ ᠵᠦᠢᠯ ᠪᠣᠯᠤᠨ ᠬᠥᠬᠡᠬᠤᠲᠠ ᠶᠢᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠶᠢᠭᠤᠯᠵᠤ ᠪᠠᠶᠢᠭ᠎ᠠ ᠲᠦᠷᠦᠯ ᠵᠦᠢᠯ ᠵᠢᠴᠢ ᠹᠦ᠋ ᠬᠠᠢ ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠪᠦᠯᠬᠦᠮᠳᠡᠯ ᠪᠠᠭ᠎ᠠ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠪᠦᠦ ᠭᠠᠩ ᠨᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠬᠥᠭᠵᠢᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠠ ᠲᠣᠬᠢᠶᠠᠯ ᠢ ᠠᠮᠵᠢᠨ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃
4.jpg  
      10 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠹᠦ᠋ ᠬᠠᠶ ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠤ ᠪᠠᠶᠢᠴᠠᠭᠠᠨ ᠰᠣᠳᠤᠯᠤᠯᠲᠠ ᠬᠢᠪᠡ᠃ 
5.jpg     
       ᠪᠦᠦ ᠭᠠᠩ ᠴᠢᠬᠤᠯᠠᠴᠢᠯᠠᠭᠰᠠᠨ ᠨᠢ᠂ ᠰᠢᠨ᠎ᠡ ᠬᠤᠲᠠ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠬᠤᠲᠠ ᠶᠢᠨ ᠠᠵᠢᠯ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠰᠠᠭᠤᠷᠢᠰᠢᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ᠂ ᠰᠤᠪᠢᠯᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠣᠰᠣᠭᠠᠷ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠳᠠ ᠶᠢᠨ ᠰᠢᠨᠡᠴᠢᠯᠡᠯᠲᠡ ᠶᠢ ᠠᠬᠢᠭᠤᠯᠵᠤ᠂ ᠬᠤᠳᠠ ᠶᠢᠨ ᠴᠢᠳᠠᠪᠤᠷᠢ ᠶᠢᠨ ᠲᠡᠰ ᠢ ᠴᠢᠨᠠᠭᠰᠢᠳᠠ ᠳᠡᠭᠡᠭᠰᠢᠯᠡᠭᠦᠯᠵᠦ᠂ ᠬᠤᠳᠠ ᠶᠢᠨ ᠴᠢᠨᠠᠷ ᠴᠢᠨᠰᠠᠭ᠎ᠠ ᠶᠢ ᠢᠯᠡᠷᠡᠭᠦᠯᠵᠦ᠂ ᠪᠣᠬᠢᠷᠲᠤᠯ ᠦᠭᠡᠢ᠂ ᠤᠶᠤᠨᠴᠢᠯᠠᠭᠰᠠᠨ᠂ ᠰᠣᠶᠣᠯ ᠢᠷᠭᠡᠨᠰᠢᠯ ᠤᠨ ᠤᠳᠤ ᠦᠶ᠎ᠡ ᠶᠢᠨ ᠬᠤᠳᠠ ᠶᠢᠨ ᠲᠣᠭᠤᠷᠢᠭ ᠢ ᠴᠢᠷᠮᠠᠶᠢᠨ ᠪᠦᠳᠦᠭᠡᠨ ᠪᠠᠶᠢᠭᠤᠯᠵᠤ᠂ ᠤᠯᠠᠨ ᠲᠦᠮᠡᠨ ᠳᠤ ᠨᠡᠩ ᠤᠯᠠᠨ ︽ᠪᠣᠬᠢᠷᠲᠤᠯ ᠦᠭᠡᠢ ᠬᠦᠷᠲᠡᠮᠵᠢ ᠶᠢᠨ ᠲᠦᠷᠦᠭᠳᠡᠯ︾ ᠣᠯᠭᠤᠨ᠎ᠠ᠃ ︽ᠬᠠᠶᠠᠭᠳᠠᠮᠠᠯ ᠥᠬᠡᠶ ᠬᠤᠲᠠ︾ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ ᠰᠢᠢᠳᠪᠦᠷᠢᠯᠡᠬᠦ᠂ ᠲᠡᠭᠡᠭᠡᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠠᠮᠢᠳᠤᠷᠠᠯ ᠤᠨ ᠬᠤᠭ ᠨᠣᠪᠰᠢ ᠶᠢ  ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠪᠡ᠃ 
6.jpg   
            ᠪᠦᠦ ᠭᠠᠩ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠦᠢᠯᠡᠰ ᠢ ᠲᠡᠰ ᠳᠡᠪᠰᠢᠭᠦᠯᠬᠦ ᠪᠣᠯ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠪᠯᠡᠷᠡᠩᠭᠦᠢ ᠢᠯᠡᠷᠡᠯ ᠮᠥᠨ᠂ ᠰᠢᠨ᠎ᠡ ᠬᠤᠳᠠ ᠲᠣᠭᠤᠷᠢᠭ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠲᠡᠰ ᠤᠨ ᠦᠢᠯᠡᠴᠢᠯᠡᠭᠡᠨ ᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠵᠦ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠶᠢ ᠪᠠᠭᠲᠠᠭᠠᠭᠰᠠᠨ ᠣᠷᠣᠨ ᠰᠠᠭᠤᠴᠠ ᠶᠢᠨ  ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠪᠠᠶᠢᠭᠤᠯᠵᠤ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠨᠠᠮᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠷᠭᠠᠨ ᠬᠥᠮᠦᠵᠢᠯ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠡᠪᠴᠢᠶ᠎ᠡ ᠨᠢ ᠵᠣᠬᠢᠰᠲᠠᠢ᠂ ᠦᠢᠯᠡᠴᠢᠯᠡᠭᠡᠨ ᠤ ᠷᠠᠳᠢᠦ᠋ᠰ ᠨᠢ ᠵᠣᠬᠢᠰᠲᠠᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠪᠡ᠃       ᠪᠦᠦ ᠭᠠᠩ ᠴᠢᠩᠭᠠᠳᠬᠠᠭᠰᠠᠨ ᠨᠢ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠵᠠᠩᠭᠢᠯᠠᠭ᠎ᠠ ᠪᠣᠯᠤᠨ᠎ᠠ᠂ ᠡᠯ᠎ᠡ ᠲᠦᠷᠦᠯ ᠤᠨ ᠴᠢᠳᠠᠪᠤᠷᠢᠲᠠᠨ ᠪᠣᠯ ᠴᠢᠬᠤᠯᠠ ᠲᠤᠯᠭᠠᠭᠤᠷᠢᠯᠠᠯ ᠪᠣᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ ᠰᠠᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠨᠡᠩ ᠥᠨᠳᠥᠷ ᠦᠷ᠎ᠡ ᠪᠦᠲᠦᠮᠵᠢᠲᠡᠢ᠂ ᠨᠡᠩ ᠰᠢᠯᠢᠳᠡᠭ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠬᠤᠳᠠ ᠶᠢᠨ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ