ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2021/10/14
      ᠰᠢᠨ᠎ᠡ ᠬᠤᠲᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠪᠣᠯᠤᠨ ᠺᠠᠳ᠋ᠷ ᠠᠵᠢᠯᠲᠠᠨ ᠠᠵᠢᠯᠴᠢᠨ ᠤ ᠠᠷᠢᠭᠤᠨ ᠴᠢᠬᠡᠴᠢ ᠶᠢ ᠰᠠᠬᠢᠵᠤ ᠠᠷᠢᠭᠤᠨ ᠴᠢᠬᠡᠴᠢ ᠶᠢ ᠲᠤᠰᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠠᠭᠤᠷ ᠠᠮᠢᠰᠬᠤᠯ ᠢ ᠪᠣᠶ ᠪᠤᠯᠭᠠᠬᠤ ᠶᠢᠨ ᠲᠤᠰᠠᠲᠠ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠰᠢᠨ᠎ᠡ ᠬᠤᠲᠠ ᠲᠣᠭᠤᠷᠢᠭ ᠤᠨ 2021 ᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠤᠯᠲᠠ ᠲᠠᠢ ᠤᠶᠠᠯᠳᠤᠭᠤᠯᠤᠨ᠂ 9 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠭᠦᠸᠧ ᠷᠦᠢ ᠶᠢ ᠤᠷᠢᠵᠤ᠂ ︽ᠬᠡᠷᠡᠭ ᠢᠶᠠᠷ ᠲᠣᠯᠢ ᠪᠣᠯᠭᠠᠵᠤ᠂ ᠰᠢᠨ᠎ᠡ ᠬᠤᠲᠠ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ︾ ᠭᠡᠬᠦ ᠰᠡᠳᠦᠪ ᠢᠶᠠᠷ ᠪᠥᠬᠦ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠤᠨ ᠨᠠᠮ ᠤᠨ ᠬᠢᠴᠢᠶᠡᠯ ᠢ ᠠᠮᠢᠳᠤᠯᠢᠭ ᠰᠠᠶᠢᠬᠠᠨ ᠵᠢᠭᠠᠵᠤ ᠥᠭᠭᠦᠭᠰᠡᠨ ᠪᠠᠶᠢᠨ᠎ᠠ᠃
1.png
      ᠭᠦᠸᠧ ᠷᠦᠢ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠴᠢᠬᠤᠯᠠ ᠴᠢᠨᠠᠷ ᠪᠠ ᠠᠬᠤᠶᠢᠴᠢ ᠴᠢᠨᠠᠷ ᠤᠨ ᠲᠣᠭᠤᠷᠢᠨ ᠳᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠠᠵᠢᠯᠲᠠᠨ ᠤ ᠪᠠᠶᠢᠩᠭᠤ ᠲᠣᠬᠢᠶᠠᠯᠳᠤᠳᠠᠭ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠲᠥᠷᠥᠯ ᠬᠡᠯᠪᠡᠷᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠨᠴᠠᠯᠢᠭ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠤᠶ ᠪᠣᠯᠤᠭᠰᠠᠨ ᠰᠢᠯᠲᠠᠭᠠᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠲᠠᠪᠤᠨ ᠠᠭᠤᠯᠭ᠎ᠠ ᠳᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠶᠠᠷᠢᠪᠠ᠂ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠳᠤ ᠪᠠᠶᠢᠴᠠᠭᠠᠨ ᠰᠢᠢᠳᠪᠦᠷᠢᠯᠡᠭᠰᠡᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠣᠯᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠬᠢᠭᠰᠡᠨ ᠪᠠᠶᠢᠨ᠎ᠠ᠃       ᠲᠣᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠨᠢ ᠤᠯᠤᠰ ᠲᠥᠷᠥ ᠬᠠᠤᠯᠢ ᠴᠠᠭᠠᠵᠠ ᠶᠢᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠵᠣᠷᠢᠯᠲᠠ ᠶᠢ ᠪᠠᠲᠤ ᠴᠡᠭᠡᠵᠢᠯᠡᠭᠦᠯᠵᠦ᠂ ᠬᠦᠰᠡᠯᠡᠩ ᠢᠲᠡᠭᠡᠯ ᠵᠣᠷᠢᠭ ᠢ ᠨᠢ ᠪᠠᠲᠤᠳᠬᠠᠨ᠂ ᠦᠵᠡᠯ ᠰᠠᠨᠠᠭᠠᠨ ᠤ ᠶᠡᠷᠦᠩᠬᠡᠶ ᠨᠡᠭᠡᠭᠡᠯᠭᠡ ᠶᠢ ᠴᠢᠩᠭᠠᠯᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠴᠠᠭ ᠢᠮᠠᠭᠲᠠ ᠪᠠᠲᠤ ᠴᠣᠭᠴᠠᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠭᠦᠯᠦᠨ᠎ᠡ︕  
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ