ᠢᠦᠶ ᠴᠢᠤᠸᠠᠨ ᠲᠣᠭᠤᠷᠢᠭ ᠤᠨ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2021/10/14
      ᠬᠤᠲᠠ ᠶᠢᠨ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠡᠷᠡᠭᠦᠯ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠢᠦᠶ ᠴᠢᠤᠸᠠᠨ ᠲᠣᠭᠤᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠢᠭᠡ ᠪᠠᠯᠭᠠᠰᠤᠨ ᠤ ᠨᠠᠢᠮᠠᠨ ᠠᠯᠪᠠᠨ ᠬᠡᠷ ᠵᠡᠷᠭᠡ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠶᠡᠭᠡ ᠵᠣᠣ ᠲᠠᠯᠠᠪᠠᠶ ᠳᠤ ︽2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
1.jpg
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠠᠷᠠᠳ ᠤᠨ ᠵᠤᠭᠠᠴᠠᠭᠰᠠᠳ ᠤᠯᠠᠭᠠᠨᠮᠥ᠋ᠴᠢᠷ ᠤᠨ ᠲᠣᠭᠯᠠᠭᠴᠢᠳ ᠤᠨ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠶᠢ ᠰᠣᠨᠢᠷᠬᠠᠬᠤ ᠶᠢᠨ ᠬᠠᠮᠲᠤ ᠬᠥᠲᠥᠯᠥᠭᠴᠢ ᠲᠠᠢ ᠢᠳᠡᠪᠬᠢᠲᠡᠢ ᠶᠠᠷᠢᠯᠴᠠᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠱᠠᠩᠨᠠᠯ ᠲᠠᠢ ᠥᠷᠢᠰᠥᠯᠳᠦᠭᠡᠨ ᠳᠤ ᠬᠠᠯᠠᠭᠤᠨ ᠢᠶᠠᠷ ᠣᠷᠣᠯᠴᠠᠪᠠ᠃ ︽ᠢᠳᠡᠷ ᠥᠲᠡᠯᠦᠭᠡ ᠨᠠᠰᠤᠨ ᠤ ᠬᠥᠮᠦᠰ ᠤᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠨᠢ ᠲᠡᠶᠢᠮᠦ ᠰᠠᠶᠢᠨ ᠪᠢᠰᠢ᠂ ᠬᠤᠯᠪᠣᠭᠳᠠᠯ ᠪᠥᠬᠦᠶ ᠤᠬᠠᠭᠳᠠᠬᠤᠨ ᠨᠢ ᠨᠡᠯᠢᠶᠡᠳ ᠪᠠᠯᠠᠷᠬᠠᠶ ᠪᠠᠶᠢᠵᠤ᠂ ᠱᠠᠩᠨᠠᠯ ᠲᠠᠢ ᠥᠷᠢᠰᠥᠯᠳᠦᠨ ᠬᠠᠷᠢᠭᠤᠯᠬᠤ ᠠᠷᠭ᠎ᠠ ᠮᠠᠶ᠋ᠢᠭ ᠨᠢ ᠪᠢᠳᠡᠨ ᠳᠤ ᠬᠤᠯᠪᠣᠭᠳᠠᠯ ᠪᠥᠬᠦᠶ ᠮᠡᠳᠡᠯᠭᠡ ᠶᠢ ᠡᠵᠡᠮᠰᠢᠭᠦᠯᠵᠦ᠂ ᠰᠠᠭᠤᠭᠳᠠᠯ ᠢ ᠨᠢ ᠭᠦᠨᠵᠡᠭᠡᠶᠢᠷᠡᠭᠦᠯᠦᠨ᠂ ᠪᠢᠳᠡᠨ ᠳᠤ ᠡᠨᠡ ᠲᠠᠯ᠎ᠠ ᠶᠢᠨ ᠮᠡᠳᠡᠯᠭᠡ ᠶᠢ ᠨᠠᠩ ᠨᠡᠪᠲᠡᠷᠬᠡᠶ ᠣᠶᠢᠯᠠᠭᠠᠭᠤᠯᠤᠭᠰᠠᠨ ᠮᠥᠷᠲᠡᠭᠡᠨ ᠬᠡᠷ ᠪᠦᠯᠢ ᠶᠢᠨ ᠵᠢᠵᠢᠭ ᠪᠡᠯᠡᠭ ᠢ ᠴᠦ ᠡᠳ᠋ᠯᠡᠭᠦᠯᠵᠦ᠂ ᠣᠯᠠᠨ ᠤ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ︾ ᠭᠡᠵᠦ ᠵᠤᠭᠠᠴᠠᠭᠴᠢ ᠾᠧ ᠠᠪᠠᠭ᠋ᠠᠢ ᠰᠡᠳᠬᠢᠯ ᠬᠠᠨᠤᠮᠵᠢᠲᠠᠢ ᠪᠠᠷ ᠬᠡᠯᠡᠪᠡ᠃
2.jpg
      ᠬᠤᠳᠠ ᠶᠢᠨ ᠠᠷᠠᠳ ᠤᠨ ᠰᠡᠷᠭᠡᠶᠢᠯᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠡᠳ᠋ ᠬᠦᠷᠦᠩᠭᠡ ᠳᠤ ᠬᠠᠯᠳᠠᠬᠤ ᠲᠦᠷᠦᠯ ᠤᠨ ᠬᠡᠷᠡᠭ ᠡᠭᠦᠰᠬᠦ ᠶᠢ ᠪᠠᠭᠠᠰᠬᠠᠬᠤ ᠶᠢᠨ ᠲᠥᠯᠥᠭᠡ᠂ ᠠᠵᠢᠯᠲᠠᠳ ᠬᠤᠳᠠ ᠶᠢᠨ ᠠᠷᠠᠳ ᠲᠤ ᠮᠡᠬᠡᠯᠡᠯ ᠢ ᠰᠡᠷᠭᠡᠶᠢᠯᠡᠬᠦ ᠵᠡᠷᠭᠡ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠪᠣᠯᠤᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠵᠢᠷᠤᠭ ᠦᠰᠦᠭ ᠤᠨ ᠦᠵᠡᠭᠦᠯᠦᠯᠭᠡ ᠶᠢᠨ ᠰᠠᠮᠪᠠᠷ᠎ᠠ ᠪᠠᠷ ᠬᠤᠳᠠ ᠶᠢᠨ ᠠᠷᠠᠳ ᠲᠤ ᠡᠳᠦᠷ ᠲᠤᠳᠤᠮ ᠤᠨ ᠮᠡᠬᠡᠯᠡᠯ ᠢ ᠰᠡᠷᠭᠡᠶᠢᠯᠡᠬᠦ ᠠᠷᠭ᠎ᠠ ᠪᠠᠷᠢᠯ ᠪᠣᠯᠤᠨ ᠠᠷᠭᠠᠴᠠᠬᠤ ᠠᠷᠭ᠎ᠠ ᠶᠢ ᠲᠦᠭᠡᠮᠡᠯᠵᠢᠭᠦᠯᠵᠡᠢ︔ ᠴᠠᠭᠳᠠᠭᠠᠨ ᠤ ᠰᠠᠯᠪᠤᠷᠢ ᠶᠡᠭᠡ ᠠᠩᠭᠢ ᠶᠢᠨ ᠺᠠᠳ᠋ᠷ ᠴᠠᠭᠳᠠᠭ᠎ᠠ ᠨᠠᠷ ᠬᠤᠲᠠ ᠶᠢᠨ ᠠᠷᠠᠳ ᠲᠤ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ App ᠪᠠᠭᠤᠯᠭᠠᠵᠤ ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤᠨᠢ ᠲᠠᠶᠢᠯᠪᠤᠷᠢᠯᠠᠨ ᠦᠭᠪᠡ᠃ ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠶᠡᠭᠡ ᠠᠩᠭᠢ ᠶᠢᠨ ᠳᠡᠳ᠋ ᠳᠠᠷᠤᠭ᠎ᠠ ᠯᠢᠦ ᠴᠧᠨ᠄ ︽ᠣᠯᠠᠨ ᠢᠶᠠᠷ ᠢᠶᠠᠨ ᠵᠢᠩᠬᠢᠨᠢ ᠬᠡᠷᠡᠭᠯᠡᠭᠡᠨ ᠤ ᠳᠡᠯᠭᠡᠭᠦᠷ ᠠᠴᠠ ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ ᠤᠨ App ᠶᠢ ᠪᠠᠭᠤᠯᠭᠠᠨ ᠠᠪᠴᠤ᠂ ᠤᠭᠰᠠᠷᠠᠭᠰᠠᠨ ᠤ ᠳᠠᠷᠠᠭ᠎ᠠ ᠦᠨᠡᠨ ᠨᠡᠷ᠎ᠡ ᠪᠠᠷ ᠢᠶᠠᠨ ᠭᠡᠷᠡᠴᠢᠯᠡᠬᠦ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠨᠢ ᠨᠡᠭᠡᠭᠡᠵᠦ᠂ ᠳᠠᠷᠠᠭ᠎ᠠ ᠨᠢ ᠬᠤᠪᠢ ᠬᠥᠮᠦᠨ ᠤ ᠭᠠᠷ ᠤᠲᠠᠰᠤᠨ ᠳᠤ ᠢᠯᠡᠷᠡᠭᠰᠡᠨ ᠥᠯᠥ ᠮᠡᠳᠡᠬᠦ ᠴᠥᠷᠬᠡᠯᠡᠭᠡ᠂ ᠤᠲᠠᠰᠤᠨ ᠤ ᠣᠬᠤᠷ ᠮᠡᠳᠡᠭᠡ ᠵᠡᠷᠭᠡ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠭᠦᠯᠵᠦ᠂ ᠠᠷᠠᠯᠵᠢᠶᠠᠨ ᠤ ᠶᠠᠪᠤᠴᠠ ᠳᠠᠬᠢ ᠠᠶᠤᠯ ᠲᠦᠭᠰᠢᠭᠦᠷᠢ ᠶᠢ ᠰᠡᠷᠡᠮᠵᠢᠯᠡᠨ᠎ᠡ᠃ ᠢᠯᠠᠩᠭᠤᠶ᠎ᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠷᠥᠯ᠂ ᠨᠠᠶᠢᠵᠠᠯᠠᠬᠤ ᠲᠥᠷᠥᠯ᠂ ᠪᠡᠶ᠎ᠡ ᠰᠤᠪᠢᠯᠠᠬᠤ ᠲᠥᠷᠥᠯ ᠵᠡᠷᠭᠡ ᠵᠢᠴᠢ ᠡᠳᠦᠷ ᠲᠤᠲᠤᠮ ᠤᠨ ᠠᠮᠢᠳᠤᠷᠠᠯ᠂ ᠠᠵᠢᠯ ᠤᠨ ᠳᠤᠮᠳᠠ ᠲᠠᠨᠢᠯ ᠬᠥᠮᠦᠨ ᠢᠶᠠᠷ ᠣᠪᠯᠠᠨ ᠪᠡᠶ᠎ᠡ ᠶᠢᠨ ᠭᠠᠷᠤᠯ ᠢᠶᠠᠷ ᠣᠪᠯᠠᠬᠤ ᠮᠡᠬᠡᠯᠡᠯ ᠤᠨ ᠠᠷᠭ᠎ᠠ ᠪᠠᠷᠢᠯ ᠢ ᠴᠠᠭ ᠢᠮᠠᠭᠲᠠ ᠠᠩᠬᠠᠷᠬᠤ ᠬᠡᠷᠡᠭᠲᠡᠶ︾ ᠭᠡᠵᠡᠶ᠃
4.jpg
      ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ 30 ᠭᠠᠷᠤᠶ ᠦᠵᠡᠭᠦᠯᠦᠯᠭᠡ ᠶᠢᠨ ᠰᠠᠮᠪᠠᠷ᠎ᠠ᠂ 500 ᠬᠤᠪᠢ ᠤᠬᠠᠭᠤᠯᠭ᠎ᠠ ᠶᠢᠨ ᠵᠠᠷᠯᠠᠯ ᠭᠠᠷᠭᠠᠵᠠᠶ︔ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭ ᠪᠡᠯᠡᠭ ᠢ 100 ᠬᠤᠪᠢ᠂ ᠰᠦᠯᠵᠢᠶᠡᠨ ᠤ ᠠᠮᠤᠷ ᠲᠦᠪᠰᠢᠨ᠂ ᠮᠡᠬᠡᠯᠡᠯ ᠢ ᠡᠰᠡᠷᠭᠦᠴᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠵᠡᠷᠭᠡ ᠤᠬᠠᠭᠤᠯᠭ᠎ᠠ ᠶᠢᠨ ᠬᠠᠭᠤᠳᠠᠰᠤ ᠨᠤᠭᠤᠯᠤᠭᠰᠠᠨ ᠮᠠᠲ᠋ᠧᠷᠢᠶᠠᠯ ᠵᠢᠴᠢ ᠭᠠᠷ ᠤᠭᠤᠲᠠ ᠶᠢ 5000 ᠬᠤᠪᠢ ᠲᠠᠷᠬᠠᠭᠠᠪᠠ᠃ ︵ᠰᠤᠷᠪᠤᠯᠵᠢᠯᠠᠭᠴᠢ᠄ ᠵᠠᠩ ᠲᠢᠩ   ᠵᠢᠶᠤᠤ ᠨᠢᠩ ᠪᠥᠸᠧ︶ 
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ