ᠢᠦᠶ ᠴᠢᠤᠸᠠᠨ ᠲᠣᠭᠤᠷᠢᠭ ᠤᠨ ᠬᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠷᠪᠠᠨ ᠨᠠᠢᠮᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/14
      10 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠤᠨ ᠬᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠷᠪᠠᠨ ᠨᠠᠢᠮᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ 9 ᠳ᠋ᠤᠭᠡᠷ ᠰᠠᠷ᠎ᠠ ᠶᠢᠨ ᠪᠥᠬᠦ ᠬᠤᠲᠠ ᠶᠢᠨ ᠭᠤᠷᠪᠠᠳᠠᠬᠢ ᠡᠲᠡᠭᠡᠳ ᠤᠨ ᠳᠠᠭᠤᠷᠢᠶᠠᠮᠠᠯ ᠰᠢᠯᠭᠠᠨ ᠲᠣᠭᠲᠠᠭᠠᠯᠲᠠ ᠶᠢᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠢᠦᠶ ᠴᠢᠤᠸᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠲᠤᠬᠠᠶ ᠶᠢᠨ ᠭᠠᠵᠠᠷ ᠤᠨ ᠰᠢᠯᠭᠠᠨ ᠲᠣᠭᠲᠠᠭᠠᠯᠲᠠ ᠶᠢᠨ ᠪᠠᠷᠢᠮᠵᠢᠶ᠎ᠠ ᠳᠤ ᠲᠠᠶᠢᠯᠤᠮᠵᠢ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠫᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠳᠠ ᠶᠢᠨ ᠲᠣᠭᠤᠷᠢᠭ ᠲᠤ ᠰᠠᠭᠤᠭ᠎ᠠ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠪᠠᠳᠠᠨ ᠵᠢᠯᠣᠭᠤᠳᠬᠤ ᠳᠤᠭᠤᠶᠢᠯᠠᠩ᠂ ᠡᠯ᠎ᠡ ᠪᠠᠯᠭᠠᠰᠤᠨ ᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1.jpg
      ᠬᠤᠷᠠᠯ ᠠᠴᠠ ᠵᠢᠭᠠᠨ ᠭᠠᠷᠭᠠᠭᠰᠠᠨ ᠨᠢ᠂ ᠲᠤᠰ ᠬᠤᠳᠠ ᠶᠢᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠬᠦ ᠶᠢ ᠦᠨᠡᠨᠬᠦ ᠠᠬᠢᠭᠤᠯᠵᠤ᠂ ᠲᠤᠰ ᠵᠢᠯ ᠤᠨ 4 ᠤᠳᠠᠭ᠎ᠠ ᠶᠢᠨ ᠳᠠᠭᠤᠷᠢᠶᠠᠮᠠᠯ ᠰᠢᠯᠭᠠᠨ ᠦᠨᠡᠯᠡᠯᠲᠡ ᠶᠢᠨ ᠦᠷ᠎ᠡ ᠳ᠋ᠦᠩ ᠲᠠᠢ ᠭᠤᠯᠳᠤ ᠪᠠᠷ ᠬᠠᠷᠢᠴᠠᠭᠤᠯᠤᠭᠰᠠᠨ ᠠᠴᠠ ᠦᠵᠡᠪᠡᠯ ᠨᠡᠯᠢᠶᠡᠳ ᠰᠠᠶᠢᠨ ᠠᠮᠵᠢᠯᠲᠠ ᠣᠯᠵᠠᠢ᠃ ᠭᠡᠪᠡᠴᠦ᠂ ᠰᠢᠯᠭᠠᠨ ᠲᠣᠭᠲᠠᠭᠠᠬᠤ ᠶᠠᠪᠤᠴᠠ ᠳᠤ ᠢᠯᠡᠷᠡᠭᠦᠯᠦᠭᠰᠡᠨ ︽ᠨᠡᠶᠢᠭᠡᠮ ᠲᠣᠭᠤᠷᠢᠭ᠂ ᠵᠢᠵᠢᠭ ᠲᠣᠭᠤᠷᠢᠭ᠂ ᠵᠡᠭᠡᠯᠢ ᠭᠤᠳᠤᠮᠵᠢ᠂ ᠵᠠᠬ᠎ᠠ ᠳᠡᠯᠭᠡᠭᠦᠷ᠂ ᠵᠠᠮ ᠬᠠᠷᠢᠯᠴᠠᠭᠠᠨ ᠤ ᠵᠠᠮ ᠤᠨ ᠠᠭᠤᠯᠵᠠᠷ︾ ᠤᠨ ᠲᠤᠬᠠᠶ ᠶᠢᠨ ᠭᠠᠵᠠᠷ ᠤᠨ ᠴᠡᠭ ᠪᠠᠶᠢᠷᠢ ᠶᠢᠨ ᠲᠠᠪᠤᠨ ᠶᠡᠭᠡ ᠳᠤᠲᠠᠭᠤᠳᠠᠯ ᠪᠠᠭᠤᠷᠠᠶ ᠵᠦᠢᠯ ᠤᠨ ᠲᠣᠪᠤᠶᠢᠮ᠎ᠠ ᠠᠰᠠᠭᠤᠳᠠᠯ ᠵᠡᠷᠭᠡ ᠮᠥᠨ ᠬᠦ ᠵᠠᠷᠢᠮ ᠳᠤᠲᠠᠭᠤᠳᠠᠯ ᠪᠠ ᠪᠠᠭᠤᠷᠠᠶ ᠲᠠᠯ᠎ᠠ ᠶᠢᠨ ᠠᠰᠠᠭᠤᠳᠠᠯ ᠣᠷᠣᠰᠢᠵᠤ ᠪᠠᠶᠢᠪᠠᠯ᠂ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠬᠠᠷᠭᠤᠭᠤᠯᠵᠤ ᠪᠠᠶᠢᠭᠠᠳ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠵᠤ᠂ ᠭᠠᠪᠰᠢᠭᠠᠶᠢᠯᠠᠬᠤ ᠦᠵᠡᠯ ᠰᠠᠨᠠᠭ᠎ᠠ ᠶᠢ ᠡᠷᠡᠰ ᠡᠰᠡᠷᠭᠦᠴᠡᠵᠦ᠂ ᠬᠤᠳᠠ ᠶᠢ ᠡᠭᠦᠳᠦᠨ ᠪᠠᠶᠢᠭᠤᠯᠬᠤ ᠡᠭᠦᠷᠭᠡ ᠶᠢ ᠡᠳᠦᠷ ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠮ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠲᠠᠶᠢᠴᠢᠯᠠᠨ ᠢᠳᠡᠪᠬᠢᠲᠡᠢ ᠬᠥᠳᠡᠯᠦᠯᠴᠡᠵᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠬᠠᠨᠳᠤᠰᠢ ᠶᠢ ᠪᠠᠲᠤᠯᠠᠵᠤ᠂ ᠬᠤᠳᠠ ᠪᠠᠶᠢᠭᠤᠯᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ ᠰᠢᠯᠭᠠᠨ ᠦᠨᠡᠯᠡᠬᠦ ᠪᠠᠷᠢᠮᠵᠢᠶ᠎ᠠ ᠶᠢ ᠨᠡᠪᠲᠡᠷᠬᠡᠢ ᠣᠶᠢᠯᠠᠭᠠᠵᠤ᠂ ᠴᠠᠭ ᠲᠤᠬᠠᠢ ᠳᠤᠨᠢ ᠳᠤᠲᠠᠭᠤ ᠶᠢ ᠪᠠᠶᠢᠴᠠᠭᠠᠨ ᠨᠥᠬᠦᠪᠥᠷᠢᠯᠡᠵᠦ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠢ ᠵᠦᠢᠯ ᠢ ᠨᠥᠬᠦᠵᠦ ᠨᠥᠬᠦᠪᠥᠷᠢᠯᠡᠬᠦ ᠬᠡᠷᠡᠭᠲᠡᠢ᠃ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠦ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠲᠠ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠲᠠ ᠯᠤᠭ᠎ᠠ ᠬᠤᠯᠪᠣᠭᠠᠯᠠᠨ ᠬᠠᠮᠲᠤᠪᠠᠷ ᠪᠠᠶᠢᠭᠤᠯᠬᠤ ᠨᠢᠭᠡᠴᠡ᠂ ᠬᠤᠲᠠ ᠶᠢᠨ ᠠᠷᠠᠳ ᠤᠨ ᠲᠣᠭᠤᠷᠢᠨ ᠰᠤᠷᠪᠤᠯᠵᠢᠯᠠᠬᠤ ᠪᠦᠯᠬᠦᠮ᠂ ᠨᠡᠶᠢᠭᠡᠮ ᠲᠣᠭᠤᠷᠢᠭ ᠤᠨ ︽ᠰᠠᠭᠤᠭᠠᠯᠢ ᠠᠷᠠᠳ ᠤᠨ ᠵᠥᠪᠯᠡᠯ︾ ︽ᠠᠷᠠᠳᠴᠢᠯᠠᠯ ᠢᠶᠠᠷ ᠦᠨᠡᠯᠡᠬᠦ ᠬᠤᠷᠠᠯ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ︾ ᠠᠵᠢᠯᠯᠠᠭ᠎ᠠ ᠶᠢ ᠥᠷᠨᠢᠭᠦᠯᠦᠨ᠂ ᠤᠬᠠᠭᠤᠯᠤᠨ ᠳᠠᠶᠢᠴᠢᠯᠠᠬᠤ ᠪᠠ ᠣᠯᠠᠨ ᠲᠦᠮᠡᠨ ᠳᠤ ᠦᠢᠯᠡᠴᠢᠯᠡᠬᠦ ᠠᠵᠢᠯ ᠢ ᠪᠠᠶᠢᠩᠭᠤ ᠶᠢᠨ ᠪᠥᠭᠡᠳ ᠣᠷᠳᠣ ᠬᠤᠭᠤᠴᠠᠭ᠎ᠠ ᠪᠠᠷ ᠰᠠᠶᠢᠲᠤᠷ ᠬᠢᠵᠦ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠳᠡᠮᠵᠢᠵᠦ᠂ ᠬᠥᠮᠦᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠢᠦᠶ ᠴᠢᠤᠸᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠲᠣᠭᠤᠷᠢᠭ ᠢ ᠤᠷᠤᠭᠰᠢᠲᠠᠶ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ︵ᠰᠤᠷᠪᠤᠯᠵᠢᠯᠠᠭᠴᠢ᠄ ᠵᠠᠩ ᠰᠢᠶᠤᠤ ᠶᠠᠨ   ᠵᠢᠶᠤᠤ ᠨᠢᠩ ᠪᠥᠸᠧ︶
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ