ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠲᠠᠯᠠᠪᠠᠢ ᠳᠤ ᠤᠷᠤᠪᠠ
ᠨᠡᠶᠢᠲᠡᠯᠡᠭᠰᠡᠨ ᠴᠠᠭ᠄
2021/10/14
      2021 ᠣᠨ ᠤ 10 ᠰᠠᠷ᠎ᠠ ᠶᠢᠨ 11 ᠤ ᠡᠳᠦᠷ᠂ ᠬᠤᠳᠠ ᠶᠢᠨ ᠠᠷᠠᠳ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ︽2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ ᠶᠢ ᠦᠵᠡᠵᠡᠢ᠃      2021 ᠣᠨ ᠤ 10 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ︽2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠶᠡᠭᠡ ᠵᠤᠤ ᠠᠭᠤᠳᠠᠮ ᠲᠠᠯᠠᠪᠠᠢ ᠳᠤ ᠶᠠᠪᠤᠭᠳᠠᠪᠠ᠃ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠵᠢᠷᠤᠭ ᠦᠰᠦᠭ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠠᠮᠤᠷ ᠲᠦᠪᠰᠢᠨ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠭᠤᠣᠯᠳᠠᠯᠭ᠎ᠠ ᠲᠠᠢ ᠪᠠᠷ ᠲᠦᠭᠡᠮᠡᠯᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠵᠤ᠂ ᠰᠦᠯᠵᠢᠶᠡᠨ ᠤ ᠨᠡᠶᠢᠭᠡᠮ ᠤᠨ ᠡᠮᠬᠢ ᠵᠢᠷᠤᠮ ᠢ ᠬᠠᠮᠲᠤ ᠪᠠᠷ ᠬᠠᠮᠠᠭᠠᠯᠠᠨ᠎ᠠ᠃ ︵ᠳ᠋ᠢᠩ ᠭᠧᠨ ᠾᠧᠦ ᠰᠡᠭᠦᠳᠡᠷᠯᠡᠪᠡ︶
2.jpg
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ