ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠲᠣᠭᠲᠠᠬᠤ ᠰᠢᠶᠠᠨ ᠤ ᠰᠢᠷᠡᠭᠡᠲᠦ ᠲᠣᠰᠬᠤᠨ ᠳᠤ ᠬᠦᠷᠪᠡ
ᠨᠡᠶᠢᠲᠡᠯᠡᠭᠰᠡᠨ ᠴᠠᠭ᠄
2021/10/14
      ︵ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠵᠤᠤ ᠰᠢᠶᠠᠩ ᠳ᠋ᠦᠩ︶ 10 ᠳ᠋ᠤᠭᠠᠷ ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠲᠣᠭᠲᠠᠬᠤ ᠰᠢᠶᠠᠨ ᠤ ᠬᠠᠭᠤᠴᠢᠨ ᠬᠤᠲᠠ ᠪᠠᠯᠭᠠᠰᠤ ᠶᠢᠨ ᠰᠢᠷᠡᠭᠡᠲᠦ ᠲᠣᠰᠬᠤᠨ ᠳᠤ ᠬᠦᠷᠪᠡ᠃ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠳᠡᠳ᠋ ᠫᠷᠣᠹᠧᠰᠰᠣᠷ ᠶᠦᠨ ᡁᠢ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃       ᠤᠬᠠᠭᠤᠯᠤᠨ ᠲᠠᠶᠢᠯᠪᠤᠷᠢᠯᠠᠬᠤ ᠳᠤᠮᠳᠠ᠂ ᠶᠦᠨ ᡁᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠤᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ︽ᠣᠷᠣᠨ ᠤ ᠲᠥᠪ ᠬᠤᠳᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ︿ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠳᠠ﹀ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ﹀ ᠢ ᠪᠦᠳᠦᠭᠡᠨ ᠪᠠᠶᠢᠭᠤᠯᠬᠤ︾ ᠪᠠᠷ ᠰᠡᠳᠦᠪ ᠪᠣᠯᠭᠠᠭᠰᠠᠨ ᠮᠡᠳᠡᠭᠦᠯᠦᠯᠲᠡ ᠶᠢᠨ ᠲᠣᠭᠤᠷᠢᠨ ᠳᠤ᠂ ᠮᠠᠨ ᠤ ᠬᠤᠲᠠ ᠶᠢᠨ ᠥᠩᠭᠡᠷᠡᠭᠰᠡᠨ ᠲᠠᠪᠤᠨ ᠵᠢᠯ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ᠂ ᠠᠮᠢᠳᠤᠯᠢᠭ ᠪᠣᠳᠠᠲᠠᠶ ᠪᠠᠷ ᠲᠠᠶᠢᠯᠪᠤᠷᠢᠯᠠᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠯᠣᠭᠤᠳᠬᠤ ᠦᠵᠡᠯ ᠰᠠᠨᠠᠭ᠎ᠠ ᠪᠠ ᠶᠡᠷᠦᠩᠬᠡᠶ ᠰᠡᠳᠬᠢᠴᠡ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠶᠢ ᠭᠦᠨᠵᠡᠭᠡᠶ ᠲᠠᠶᠢᠯᠪᠤᠷᠢᠯᠠᠪᠠ᠃       ᠬᠤᠷᠠᠯ ᠳᠤ ᠣᠷᠣᠯᠴᠠᠭᠰᠠᠳ ᠪᠦᠭᠦᠳᠡᠭᠡᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠶᠡᠭᠡ ᠬᠤᠷᠠᠯ ᠠᠴᠠ ᠲᠣᠭᠲᠠᠭᠠᠭᠰᠠᠨ ᠡᠭᠦᠷᠭᠡ ᠬᠠᠷᠠᠯᠲᠠ ᠳᠡᠭᠡᠷ᠎ᠡ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ᠂ ︽ᠦᠵᠡᠰᠬᠦᠯᠡᠩᠲᠦ ᠰᠠᠶᠢᠬᠠᠨ ᠬᠦᠭᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠭᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ