ᠼᠤᠤ ᠰᠧ ᠶᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠮᠢᠶᠣᠣ ᠰᠢᠨ︶ 10 ᠳ᠋ᠤᠭᠠᠷ ᠰᠠᠷ᠎ᠠ ᠶᠢᠨ 13 ᠤ ᠡᠳᠦᠷ᠂ ᠪᠦᠬᠦ ᠬᠤᠳᠠ ᠶᠢᠨ ᠨᠤᠲᠤᠭ ᠪᠡᠯᠴᠢᠭᠡᠷ ᠣᠢ ᠰᠢᠭᠤᠢ ᠶᠢ ᠡᠪᠳᠡᠭᠰᠡᠨ ᠬᠠᠤᠯᠢ | ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠭᠤᠯᠬᠤ ᠬᠤᠷᠠᠯ ᠬᠤᠷᠠᠯᠳᠤᠪᠠ᠃ | ᠬᠤᠷᠠᠯ ᠤᠨ ᠭᠤᠣᠯ ᠡᠭᠦᠷᠭᠡ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠣᠢ ᠰᠢᠭᠤᠢ ᠶᠢ ᠡᠪᠳᠡᠭᠰᠡᠨ ᠬᠠᠤᠯᠢ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ | ᠪᠠᠶᠢᠳᠠᠯ ᠢ ᠪᠥᠬᠦ ᠲᠠᠯ᠎ᠠ ᠪᠠᠷ ᠱᠦᠭᠦᠵᠦ᠂ ᠠᠰᠠᠭᠤᠳᠠᠯ ᠤᠨ ᠳᠤᠲᠠᠭᠤᠳᠠᠯ ᠢ ᠤᠯᠠᠮ ᠨᠢᠭᠡ ᠠᠯᠬᠤᠮ ᠣᠨᠣᠪᠴᠢᠲᠠᠶ ᠡᠷᠢᠨ ᠣᠯᠵᠤ᠂ ᠪᠡᠷᠬᠡ ᠰᠡᠳᠦᠪ ᠲᠤ ᠰᠢᠪᠲᠤᠯᠤᠯᠲᠠ ᠬᠢᠬᠦ ᠱᠠᠲᠤ | ᠦᠶ᠎ᠡ ᠶᠢᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠣᠷᠣᠯᠠᠭᠴᠢ ᠡᠷᠬᠢᠯᠡᠭᠴᠢ ᠼᠦᠢ ᠵᠧᠨ ᠡᠦ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠠᠤ ᠪᠦᠦ ᠹᠧᠩ ᠬᠤᠷᠠᠯ ᠳᠤ | ᠣᠷᠣᠯᠴᠠᠪᠠ᠃ | ᠬᠤᠷᠠᠯ ᠠᠴᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠵᠢᠭᠰᠠᠭᠠᠨ ᠪᠠᠶᠢᠴᠠᠭᠠᠵᠤ ᠬᠠᠷᠭᠤᠭᠤᠯᠤᠨ | ᠪᠠᠶᠢᠴᠠᠭᠠᠬᠤ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠲᠤᠰᠬᠠᠶ ᠳᠤᠭᠤᠶᠢᠯᠠᠩ ᠤᠨ ᠬᠠᠮᠢᠶ᠎ᠠ | ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠤᠰᠬᠠᠶ ᠳᠤᠭᠤᠶᠢᠯᠠᠩ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠤᠰᠬᠠᠶ ᠳᠤᠭᠤᠶᠢᠯᠠᠩ ᠤᠨ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠼᠤᠤ ᠰᠧ ᠶᠠᠩ ᠴᠢᠬᠤᠯᠠᠴᠢᠯᠠᠬᠤ ᠳᠠᠭᠠᠨ᠂ ᠤᠢᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠳᠠ ᠶᠢᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠳᠤ ᠬᠢᠨᠠᠨ ᠵᠢᠯᠣᠭᠤᠳᠤᠯᠭ᠎ᠠ ᠬᠢᠨ᠎ᠡ᠂ ᠬᠤᠳᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ᠬᠠᠮᠵᠢᠯᠴᠠᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢᠭᠡᠨᠲᠡ ᠲᠥᠪᠯᠡᠷᠡᠭᠦᠯᠦᠨ | ᠴᠡᠭᠴᠡᠯᠡᠨ ᠵᠠᠰᠠᠬᠤ ᠱᠠᠲᠤᠨ ᠳᠤ ᠣᠷᠣᠵᠤ᠂ ᠡᠯ᠎ᠡ ᠭᠠᠵᠠᠷ ᠣᠷᠣᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠵᠠᠰᠠᠬᠤ ᠠᠬᠢᠴᠠ ᠪᠠᠨ | ᠲᠦᠷᠭᠡᠳᠬᠡᠨ᠂ ᠴᠡᠭᠴᠡᠯᠡᠨ ᠵᠠᠰᠠᠬᠤ ᠴᠠᠭ ᠮᠥᠴᠡ ᠶᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ | ᠴᠠᠭ ᠬᠤᠭᠤᠴᠠᠭ᠎ᠠ ᠪᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠵᠦ᠂ ᠡᠬᠢ ᠪᠠᠶᠠᠯᠢᠭ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠰᠢᠪᠲᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ᠂ ᠬᠠᠰᠤᠬᠤ ᠨᠥᠬᠦᠴᠡᠯ ᠢ ᠪᠦᠷᠢᠯᠳᠦᠭᠦᠯᠦᠭᠰᠡᠨ ᠬᠡᠷᠡᠭ ᠪᠠ ᠭᠠᠵᠠᠷ ᠤᠨ ᠲᠣᠯᠪᠤ ᠵᠢᠷᠤᠭ ᠢ ᠴᠠᠭ ᠲᠤᠬᠠᠶ ᠳᠤᠨᠢ | ᠳᠡᠭᠡᠭᠰᠢ ᠮᠡᠳᠡᠭᠦᠯᠵᠦ ᠲᠠᠩᠰᠠ ᠠᠴᠠ ᠬᠠᠰᠤᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠨᠠᠭᠰᠢᠳᠠ | ᠴᠢᠩᠭᠠᠳᠬᠠᠵᠤ᠂ ᠠᠵᠢᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠬᠠᠮᠢᠶ᠎ᠠ ᠪᠥᠬᠦᠶ ᠨᠢᠭᠡᠴᠡ ᠶᠢᠨ ᠬᠠᠮᠵᠢᠯᠴᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠡᠭᠴᠡᠯᠡᠨ ᠵᠠᠰᠠᠬᠤ ᠠᠵᠢᠯ ᠳᠤ ᠬᠤᠯᠪᠣᠭᠳᠠᠬᠤ ᠡᠯ᠎ᠡ ᠱᠠᠲᠤ ᠳᠠᠪᠬᠤᠷᠭ᠎ᠠ᠂ ᠡᠯ᠎ᠡ ᠰᠠᠯᠠᠭ᠎ᠠ ᠮᠥᠴᠢᠷ ᠡᠷᠬᠡᠪᠰᠢ ᠪᠥᠬᠦ ᠬᠤᠲᠠ ᠪᠠᠷ ᠢᠶᠠᠨ ᠨᠢᠭᠡ ᠬᠥᠯᠭᠡ ᠰᠢᠲᠠᠷ᠎ᠠ ᠪᠣᠯᠬᠤ ᠦᠵᠡᠯ | ᠰᠠᠨᠠᠭ᠎ᠠ ᠶᠢ ᠪᠠᠲᠤ ᠪᠣᠶ ᠪᠣᠯᠭᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠨᠢᠭᠡ ᠵᠦᠭ ᠲᠤ ᠬᠦᠴᠦᠯᠡᠵᠦ᠂ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠦᠨᠡᠨ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ |