10 ᠳ᠋ᠤᠭᠠᠷ ᠰᠠᠷ᠎ᠠ ᠶᠢᠨ 14 ᠤ ᠡᠳᠦᠷ ᠤᠨ 7 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/10/14
      2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠡᠷᠢᠶᠡᠨ ᠬᠤᠲᠠ ᠳᠤ︶᠃      ᠡᠷᠢᠶᠡᠨ ᠬᠤᠲᠠ ᠶᠢᠨ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠢ ᠡᠷᠢᠶᠡᠨ ᠬᠤᠲᠠ ᠶᠢᠨ ᠬᠤᠢ ᠲᠦᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠵᠢᠯᠲᠠᠨ᠃ 10 ᠳ᠋ᠤᠭᠠᠷ ᠰᠠᠷ᠎ᠠ ᠶᠢᠨ 12 ᠤᠨ ᠡᠳᠦᠷ᠂ ᠡᠷᠢᠶᠡᠨ ᠬᠤᠲᠠ ᠶᠢᠨ ᠬᠤᠢ ᠲᠦᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠢᠲᠡᠭᠦᠯᠡᠨ ᠬᠠᠮᠢᠶᠠᠷᠴᠤ ᠪᠠᠶᠢᠭ᠎ᠠ ᠠᠵᠢᠯᠲᠠᠳ ᠤᠨ ᠡᠳᠦᠷ ᠠᠯᠤᠰᠯᠠᠭᠰᠠᠨ ᠪᠥᠭᠡᠮ ᠬᠦᠴᠢᠯ ᠤᠨ ᠪᠠᠶᠢᠴᠠᠭᠠᠯᠲᠠ ᠳᠤ ᠨᠢᠭᠡ ᠠᠷᠭ᠎ᠠ ᠴᠢᠨᠠᠷ ᠢᠯᠡᠷᠡᠭᠦᠯᠵᠦ᠂ 10 ᠳ᠋ᠤᠭᠠᠷ ᠰᠠᠷ᠎ᠠ ᠶᠢᠨ 13 ᠤ ᠡᠳᠦᠷ ᠬᠤᠢ ᠲᠦᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠢᠲᠡᠭᠦᠯᠡᠨ ᠬᠠᠮᠢᠶᠠᠷᠴᠤ ᠪᠠᠶᠢᠭ᠎ᠠ 32 ᠠᠵᠢᠯᠲᠠᠨ ᠪᠦᠬᠦᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 1 ᠬᠥᠮᠥᠨ ᠠᠴᠠ ᠠᠷᠭ᠎ᠠ ᠴᠢᠨᠠᠷ ᠢᠯᠡᠷᠡᠵᠦ᠂ ᠪᠣᠰᠣᠳ 31 ᠬᠥᠮᠥᠨ ᠠᠴᠠ ᠪᠢᠯᠢᠭ ᠴᠢᠨᠠᠷ ᠢᠯᠡᠷᠡᠵᠡᠢ᠃ 10 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠰᠢᠯᠢ ᠶᠢᠨ ᠭᠤᠣᠯ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠳᠠᠬᠢᠨ ᠠᠷᠭ᠎ᠠ ᠴᠢᠨᠠᠷ ᠢᠶᠠᠷ ᠮᠠᠭᠠᠳᠯᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠠᠪᠤᠷᠠᠨ ᠵᠠᠰᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠮᠲᠤ ᠶᠢᠨ ᠣᠨᠣᠰᠢᠯᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠢ᠃ ᠣᠳᠣ ᠲᠤᠰ ᠡᠪᠡᠳᠴᠢᠲᠡᠨ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠢᠴᠢ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠶᠠᠭ ᠬᠢᠵᠦ ᠪᠠᠶᠢᠨ᠎ᠠ᠃      2021 ᠣᠨ ᠤ 10 ᠳ᠋ᠤᠭᠠᠷ ᠰᠠᠷ᠎ᠠ ᠶᠢᠨ 14 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠬᠢᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠡᠷᠢᠶᠡᠨ ᠬᠤᠲᠠ ᠳᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ