ᠴᠡᠯᠡᠭᠡᠷ ᠲᠠᠯ᠎ᠠ ᠶᠢᠨ ᠦᠨᠦᠷ ᠠᠮᠲᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠶᠤᠤᠮᠠᠢ ᠶᠢᠨ ᠭᠤᠯᠢᠷ ᠢ ᠦᠢᠯᠡᠳᠬᠦ ᠤᠷ᠎ᠠ ᠮᠡᠷᠭᠡᠵᠢᠯ ᠤᠨ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠶᠠᠪᠤᠭᠳᠠᠯ᠎ᠠ
ᠨᠡᠶᠢᠲᠡᠯᠡᠭᠰᠡᠨ ᠴᠠᠭ᠄
2021/10/14
20211014.jpg
      10 ᠳ᠋ᠤᠭᠠᠷ ᠰᠠᠷ᠎ᠠ ᠶᠢᠨ 13 ᠤ ᠡᠳᠦᠷ᠂ ︽ᠴᠡᠯᠡᠭᠡᠷ ᠲᠠᠯ᠎ᠠ ᠶᠢᠨ ᠦᠨᠦᠷ ᠠᠮᠲᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠶᠤᠤᠮᠠᠢ ᠶᠢᠨ ᠭᠤᠯᠢᠷ ᠢ ᠦᠢᠯᠡᠳᠬᠦ ᠤᠷ᠎ᠠ ᠮᠡᠷᠭᠡᠵᠢᠯ ᠤᠨ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ︾ ᠵᠢᠴᠢ ︽ᠴᠡᠯᠡᠭᠡᠷ ᠲᠠᠯ᠎ᠠ ᠶᠢᠨ ᠦᠨᠦᠷ ᠠᠮᠲᠠ — ᠵᠠᠭᠤᠨ ᠬᠥᠮᠦᠨ ᠤ ᠵᠠᠭᠤᠨ ᠳᠤᠭᠤᠶᠢᠯᠠᠩ ᠤᠨ ᠶᠤᠤᠮᠠᠢ ᠶᠢᠨ ᠭᠤᠯᠢᠷ ᠤᠨ ᠠᠴᠢᠯᠠᠯ ᠤᠨ ᠰᠢᠯᠭᠠᠨ ᠦᠨᠡᠯᠡᠬᠦ ᠠᠵᠢᠯᠯᠠᠭ᠎ᠠ︾ ᠦᠴᠤᠸᠠᠨ ᠰᠢᠶᠠᠨ ᠤ ᠴᠧᠨ ᠶᠤᠸᠠᠢ ᠱᠢ ᠮᠦᠸᠧ ᠶᠣᠣᠮᠠᠢ ᠶᠢᠨ ᠭᠤᠯᠢᠷ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠪᠣᠯᠤᠨ ᠤᠯᠠᠮᠵᠢᠯᠠᠨ ᠰᠤᠷᠭᠠᠬᠤ ᠰᠠᠭᠤᠷᠢᠨ ᠳᠤ ᠶᠠᠪᠤᠭᠳᠠᠪᠠ᠃ ᠦᠴᠤᠸᠠᠨ ᠰᠢᠶᠠᠨ ᠠᠴᠠ ᠢᠷᠡᠭᠰᠡᠨ 16 ᠶᠤᠤᠮᠠᠢ ᠶᠢᠨ ᠭᠤᠯᠢᠷ ᠤᠨ ᠤᠷ᠎ᠠ ᠮᠡᠷᠭᠡᠵᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠠᠬᠤᠢ ᠲᠠᠯᠠᠪᠠᠶ ᠳᠤ ᠶᠤᠤᠮᠠᠢ ᠶᠢᠨ ᠭᠤᠯᠢᠷ ᠬᠢᠬᠦ ᠤᠷ᠎ᠠ ᠮᠡᠷᠭᠡᠵᠢᠯ ᠢᠶᠠᠨ ᠭᠠᠶᠢᠬᠠᠭᠤᠯᠵᠤ᠂ ᠲᠤᠬᠠᠶ ᠶᠢᠨ ᠲᠠᠯᠠᠪᠠᠶ ᠳᠤ 20 ᠭᠠᠷᠤᠶ ᠲᠥᠷᠥᠯ ᠤᠨ ᠶᠤᠤᠮᠠᠢ ᠶᠢᠨ ᠭᠤᠯᠢᠷ ᠤᠨ ᠠᠮᠲᠠᠲᠤ ᠢᠳᠡᠭᠡᠨ ᠢ ᠦᠢᠯᠡᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠵᠡᠶ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ