ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠲᠦᠮᠡᠳ ᠵᠡᠭᠦᠨ ᠬᠤᠰᠢᠭᠤᠨ ᠳᠤ ᠬᠦᠷᠪᠡ
ᠨᠡᠶᠢᠲᠡᠯᠡᠭᠰᠡᠨ ᠴᠠᠭ᠄
2021/10/15
      ︵ᠰᠤᠷᠪᠤᠯᠵᠢᠯᠠᠭᠴᠢ ᠶᠦᠨ ᠵᠢᠩ  ᠴᠢᠮᠡᠭᠡᠯᠡᠭᠴᠢ ᠠᠷᠢᠭᠤᠨ︶ 10 ᠳ᠋ᠤᠭᠠᠷ ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠲᠦᠮᠡᠳ ᠵᠡᠭᠦᠨ ᠬᠤᠰᠢᠭᠤᠨ ᠳᠤ ᠬᠦᠷᠪᠡ᠃       ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠣᠹᠧᠰᠰᠣᠷ ᠸᠧᠢ ᠯᠠᠨ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠥᠬᠡᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ᠂ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠰᠡᠳᠬᠢᠴᠡ ᠵᠢᠴᠢ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠶᠢ ᠭᠦᠨᠵᠡᠭᠡᠢ ᠲᠠᠨᠢᠬᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠨᠠᠶᠢᠳᠠᠪᠤᠷᠢᠵᠢᠭᠤᠯᠬᠤ ᠵᠢᠴᠢ ᠥᠪᠥᠷ ᠮᠣᠩᠭᠤᠯ ᠤᠨ ᠲᠡᠦᠬᠡ᠂ ᠭᠠᠵᠠᠷ ᠵᠦᠢ᠂ ᠠᠮᠢ ᠠᠬᠤᠢ ᠶᠢᠨ ᠡᠬᠢ ᠪᠠᠶᠠᠯᠢᠭ᠂ ᠠᠵᠤ ᠦᠢᠯᠡᠰ ᠤᠨ ᠪᠦᠲᠦᠴᠡ ᠶᠢᠨ ᠳᠠᠪᠠᠭᠤᠯᠢᠭ ᠪᠣᠯᠤᠨ ᠠᠵᠠ ᠲᠣᠬᠢᠶᠠᠯ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠡᠯᠪᠡᠭ ᠪᠠᠶᠠᠯᠢᠭ᠂ ᠤᠨᠤᠯ ᠤᠨ ᠥᠨᠳᠥᠷ ᠲᠠᠢ ᠪᠥᠭᠡᠳ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠪᠣᠳᠠᠲᠠᠢ ᠲᠠᠢ ᠨᠢᠭᠲᠠ ᠤᠶᠠᠯᠳᠤᠭᠤᠯᠵᠠᠢ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠭᠤᠤᠯ ᠤᠳᠬ᠎ᠠ ᠰᠠᠨᠠᠭ᠎ᠠ ᠴᠢᠬᠤᠯᠠ ᠠᠭᠤᠯᠭ᠎ᠠ ᠂ ᠪᠠᠶᠠᠯᠢᠭ ᠠᠭᠤᠯᠤᠭᠳᠠᠬᠤᠨ ᠢ ᠭᠦᠨᠵᠡᠭᠡᠶ ᠤᠶᠢᠯᠠᠭᠠᠨ ᠡᠵᠡᠮᠰᠢᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠥᠭᠵᠢᠯᠲᠡ ᠳᠤ ᠰᠠᠭᠤᠷᠢᠯᠠᠨ᠂ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠡᠭᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ