ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/15
      ︵ᠰᠤᠷᠪᠤᠯᠵᠢᠯᠠᠭᠴᠢ ᠯᠢᠦᠢ ᠬᠤᠢ ᠱᠧᠩ︶ 10 ᠳ᠋ᠤᠭᠠᠷ ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠡᠳᠡᠭᠳᠡᠬᠦ ᠬᠤᠷᠠᠯ ᠬᠤᠷᠠᠯᠳᠤᠭᠤᠯᠪᠠ᠃ ᠬᠤᠷᠠᠯ ᠠᠴᠠ ᠪᠦᠬᠦ ᠬᠤᠳᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ ᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠡᠳᠡᠭᠳᠡᠪᠡ᠃       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠠᠴᠠ ᠮᠠᠨ ᠤ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠶᠢ ᠲᠣᠳᠣᠷᠬᠠᠶᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠳᠤᠷᠠᠳᠤᠨ ᠭᠠᠷᠭᠠᠪᠠ᠃ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠤᠭᠯᠠᠭᠰᠠᠨ ᠠᠤᠭ᠎ᠠ ᠲᠥᠰᠦᠪ᠂ ᠵᠢᠷᠤᠭᠯᠠᠭᠰᠠᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠬᠤ ᠳᠤ᠂ ᠪᠦᠬᠦ ᠬᠤᠳᠠ ᠶᠢᠨ ᠡᠯ᠎ᠡ ᠲᠠᠯ᠎ᠠ ᠶᠢᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠠᠳᠬᠤᠨ ᠪᠣᠳᠠᠲᠠᠢ ᠠᠵᠢᠯᠯᠠᠬᠤ ᠴᠢᠬᠤᠯᠠᠲᠠᠢ᠂ ᠨᠡᠩ ᠴᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠤᠯᠠᠮ ᠨᠢᠭᠡ ᠠᠯᠬᠤᠮ ᠦᠢᠯᠡᠴᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠᠲᠠᠢ ᠭᠡᠵᠡᠢ᠃        ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠪᠠᠲᠤᠳᠬᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠪᠠᠲᠤᠳᠬᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠬᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠳᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠠᠮ ᠪᠦᠯᠦᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠳᠤᠰ ᠪᠡᠶ᠎ᠡ ᠶᠢᠨ ᠬᠡᠪ ᠴᠢᠨᠠᠷ ᠪᠣᠯᠤᠨ ᠡᠷᠳᠡᠮ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ