ᠪᠣᠣ ᠭᠠᠩ ᠪᠦᠯᠦᠭ ᠬᠥᠮᠥᠰ ᠥᠪᠡᠷᠲᠡᠭᠡᠨ ᠵᠠᠰᠠᠬᠤ ᠣᠷᠣᠨ ᠤ ᠬᠡᠰᠡᠭ ᠲᠢᠩᠬᠢᠮ ᠲᠣᠪᠴᠢᠶ᠎ᠠ ᠪᠠᠷ ᠶᠠᠪᠤᠨ ᠰᠤᠷᠪᠤᠯᠵᠢᠯᠠᠵᠤ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2021/10/15
ᠼᠤᠤ ᠰᠧ ᠶᠠᠩ ᠣᠷᠣᠯᠴᠠᠵᠠᠢ       ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 13 ᠤ ᠡᠳᠦᠷ ᠠᠴᠠ 14 ᠤ ᠡᠳᠦᠷ ᠤᠨ ᠬᠤᠭᠤᠷᠣᠨᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠯᠦᠭ ᠬᠥᠮᠥᠰ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠢᠶᠠᠷ ᠶᠠᠪᠤᠨ ᠰᠤᠷᠪᠤᠯᠵᠢᠯᠠᠵᠤ᠂ ᠲᠢᠩᠬᠢᠮ ᠬᠤᠳᠠ ᠬᠠᠮᠲᠤᠪᠠᠷ ᠪᠠᠶᠢᠭᠤᠯᠬᠤ ᠠᠵᠢᠯ ᠶᠠᠪᠤᠳᠠᠯ ᠢ ᠵᠣᠯᠭᠠᠭᠤᠯᠪᠠ᠃      ᠰᠤᠷᠪᠤᠯᠵᠢᠯᠠᠭ᠎ᠠ ᠳᠤᠮᠳᠠ᠂ ᠪᠣᠣ ᠭᠠᠩ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ᠂ ᠠᠵᠤ ᠠᠬᠤᠶᠢᠯᠠᠯ ᠠᠴᠠ ᠤᠢᠢᠷ᠎ᠠ ᠶᠢᠨ ᠵᠢᠯ ᠤᠨ ᠲᠤᠷᠰᠢᠬᠢ ᠣᠷᠣᠨ ᠤ ᠲᠥᠪ ᠬᠤᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠭᠦᠷᠭᠡ ᠬᠠᠷᠠᠯᠲᠠ ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ ᠪᠠᠶᠢᠨ᠎ᠠ᠃ ᠲᠢᠩᠬᠢᠮ ᠪᠠ ᠬᠤᠲᠠ ᠶᠢᠨ ᠬᠠᠮᠲᠤᠪᠠᠷ ᠪᠦᠲᠦᠭᠡᠨ ᠪᠠᠶᠢᠭᠤᠯᠬᠤ  ᠶᠢ ᠠᠬᠢᠭᠤᠯᠬᠤ ᠨᠢ ᠣᠷᠣᠨ ᠤ ᠲᠥᠪ ᠬᠤᠲᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠢᠨ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ︽ᠣᠷᠣᠨ ᠬᠤᠲᠠ ᠶᠢ ᠬᠠᠮᠲᠤᠪᠠᠷ ᠪᠠᠶᠢᠭᠤᠯᠬᠤ︾ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠬᠦ᠂ ᠴᠡᠪᠡᠷ ᠡᠨᠧᠷᠭᠢ ᠶᠢᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ᠂ ᠪᠠᠯᠠ ᠮᠥᠩᠭᠦ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠴᠦ ᠪᠠᠨ ᠬᠠᠮᠲᠤᠳᠬᠠᠨ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃      ᠪᠣᠣ ᠭᠠᠩ ᠱᠠᠭᠠᠷᠳᠠᠬᠤ ᠳᠠᠭᠠᠨ᠂ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ᠂ ᠠᠵᠢᠯ ᠲᠦᠷᠦᠯ ᠤᠨ ᠰᠢᠰᠲ᠋ᠧᠮ ᠤᠨ ᠲᠢᠩᠬᠢᠮ ᠲᠣᠪᠴᠢᠶ᠎ᠠ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠠᠵᠢᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠢᠳᠡᠪᠬᠢᠲᠡᠢ ᠪᠠᠷ ᠳᠡᠮᠵᠢᠯᠭᠡ ᠣᠯᠵᠤ᠂ ᠲᠢᠩᠬᠢᠮ ᠬᠤᠳᠠ ᠬᠠᠮᠲᠤᠪᠠᠷ ᠪᠠᠶᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠷᠢᠯᠢᠬᠵᠢᠭᠤᠯᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠤ ᠲᠥᠪ ᠬᠤᠳᠠ ᠳᠤ  ᠦᠵᠡᠭᠦᠯᠬᠦ ᠬᠠᠯᠠᠮᠵᠢᠯᠠᠯ ᠬᠠᠪᠰᠤᠷᠤᠯᠭ᠎ᠠ ᠶᠢ ᠦᠨᠡᠨᠬᠦ ᠡᠮᠦᠨ᠎ᠡ ᠨᠢ ᠶᠠᠪᠤᠵᠤ ᠦᠯᠢᠬᠡᠷ ᠳᠠᠭᠤᠷᠢᠶᠠᠯ ᠪᠣᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠪᠣᠣ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠤ᠂ ᠣᠷᠣᠨ ᠤ ᠲᠥᠪ ᠬᠤᠲᠠ ᠶᠢᠨ ᠰᠢᠨ᠎ᠡ ᠨᠢᠭᠡ ᠡᠭᠡᠯᠵᠢ ᠶᠢᠨ ᠮᠤᠵᠢ ᠶᠢᠨ ᠲᠥᠪ ᠬᠤᠳᠠ ᠶᠢᠨ ᠥᠷᠢᠰᠥᠯᠳᠦᠭᠡᠨ ᠤ ᠳᠤᠮᠳᠠ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠶᠢ ᠪᠦᠬᠦ ᠬᠦᠴᠦᠨ ᠢᠶᠠᠷ ᠢᠶᠠᠨ ᠲᠡᠮᠵᠢᠨ ᠦᠢᠯᠡᠴᠢᠯᠡᠨ᠎ᠡ ᠭᠡᠵᠦ ᠢᠯᠡᠳᠬᠡᠪᠡ᠃      ᠬᠤᠲᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠴᠧᠩ ᠮᠢᠨ᠂ ᠰᠢᠤᠢ ᠱᠸᠤ ᠵᠢᠶ ᠵᠢᠴᠢ ᠬᠤᠲᠠ ᠶᠢᠨ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ