10 ᠳ᠋ᠤᠭᠠᠷ ᠰᠠᠷ᠎ᠠ ᠶᠢᠨ 15 ᠤ ᠡᠳᠦᠷ ᠤᠨ 7 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/10/15
      2021 ᠣᠨ ᠤ 10 ᠳ᠋ᠤᠭᠠᠷ ᠰᠠᠷ᠎ᠠ ᠶᠢᠨ 14 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 15 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃      2021 ᠣᠨ ᠤ 10 ᠳ᠋ᠤᠭᠠᠷ ᠰᠠᠷ᠎ᠠ ᠶᠢᠨ 15 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠬᠢᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠡᠷᠢᠶᠡᠨ ᠬᠤᠲᠠ ᠳᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ