ᠪᠣᠥ ᠭᠠᠩ ᠬᠤᠷᠢᠨᠭᠡᠷ ᠰᠢᠶᠠᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠲᠦᠭᠡᠨ ᠪᠠᠶᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/10/18
10.13 包钢赴和林县调研产业发展情况时强调 持之以恒建设绿色农畜产品 1.jpg
10.13 包钢赴和林县调研产业发展情况时强调 持之以恒建设绿色农畜产品 2.jpg
10.13 包钢赴和林县调研产业发展情况时强调 持之以恒建设绿色农畜产品 3.jpg
10.13 包钢赴和林县调研产业发展情况时强调 持之以恒建设绿色农畜产品 4.jpg
      10 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠥ ᠭᠠᠩ ᠬᠤᠷᠢᠨᠭᠡᠷ ᠰᠢᠶᠠᠨ ᠳᠤ ᠬᠦᠷᠴᠦ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠲᠠᠯ ᠬᠦᠴᠦᠨ ᠢᠶᠠᠨ ᠪᠠᠲᠤᠯᠠᠨ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠢ ᠴᠦᠬᠦᠷᠡᠰᠢ ᠥᠬᠡᠶ ᠪᠥᠲᠥᠭᠡᠨ ᠪᠠᠶᠢᠭᠤᠯᠵᠤ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠵᠤ ᠦᠢᠯᠡᠳᠪᠦᠷᠢᠯᠡᠯ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃       ᠪᠣᠥ ᠭᠠᠩ ᠤᠷᠢᠳ ᠬᠤᠵᠢᠳ ᠰᠢᠨ᠎ᠡ ᠨᠢᠰᠬᠡᠯ ᠤᠨ ᠪᠠᠭᠤᠳᠠᠯ᠂ ᠱᠧᠩ ᠵᠢᠶᠠᠨ ᠰᠦ ᠶᠢᠨ ᠦᠢᠯᠡᠰ᠂ ᠵᠧᠩ ᠳ᠋ᠡ ᠬᠤᠩ ᠶᠧ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ ᠮᠧᠩ ᠼᠤᠤ ᠼᠤᠤ ᠪᠥᠸᠧ ᠶᠤᠸᠠᠨ᠂ ᠮᠧᠩ ᠨᠢᠦ ᠶᠢᠨ ᠨᠠᠢᠮᠠᠳᠤᠭᠠᠷ ᠬᠤᠭᠤᠴᠠᠭᠠᠨ ᠤ 5G ᠲᠣᠭᠠᠴᠢᠯᠠᠭᠰᠠᠨ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠲᠠᠷᠠᠭ᠎ᠠ ᠨᠢ᠂ ᠪᠣᠥ ᠭᠠᠩ ᠪᠠᠰᠠ ᠮᠧᠩ ᠨᠢᠦ ᠶᠢᠨ ᠨᠠᠢᠮᠠᠳᠤᠭᠠᠷ ᠬᠤᠭᠤᠴᠠᠭᠠᠨ ᠤ ᠵᠢᠯᠣᠭᠤᠳᠬᠤ ᠭᠠᠵᠠᠷ ᠲᠤ ᠬᠦᠷᠴᠦ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠤᠳᠤᠯᠵᠠᠢ᠃       ᠪᠣᠥ ᠭᠠᠩ ᠴᠢᠬᠤᠯᠠᠴᠢᠯᠠᠭᠰᠠᠨ ᠨᠢ᠂ ᠬᠤᠷᠢᠨᠭᠡᠷ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠰᠠᠶᠢᠨ᠂ ᠨᠥᠭᠡᠴᠡ ᠬᠦᠴᠦᠨ ᠭᠦᠢᠴᠡᠳ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠲᠣᠳᠣᠷᠬᠠᠶ ᠲᠣᠭᠲᠠᠭᠠᠭᠰᠠᠨ ︽ᠰᠦ ᠮᠢᠬᠠᠨ ᠤ ᠪᠦᠲᠦᠭᠡᠭᠳᠡᠬᠦᠨ᠂ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠬᠦ︾ ᠬᠠᠷᠠᠯᠲᠠ ᠶᠣᠰᠣᠭᠠᠷ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠣᠤᠷᠠᠳᠤ ᠤᠷᠤᠰᠬᠠᠯ ᠳᠠᠰᠢ ᠥᠷᠭᠡᠳᠬᠡᠨ ᠤᠷᠲᠤᠳᠬᠠᠬᠤ ᠶᠢ ᠳᠥᠯᠭᠢᠨ ᠠᠬᠢᠭᠤᠯᠵᠤ᠂ ︽ᠨᠢᠭᠡ ᠠᠳᠬᠤ ᠡᠪᠡᠰᠦ ᠠᠴᠠ ᠨᠢᠭᠡ ᠴᠣᠮᠣ ᠰᠦ ᠬᠥᠷᠬᠦ︾ ᠪᠥᠬᠦ ᠦᠶᠡᠯᠡᠯ ᠤᠨ ᠬᠤᠭᠤᠴᠠᠭ᠎ᠠ ᠪᠥᠬᠦ ᠶᠠᠪᠤᠴᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠡᠢ᠃       ᠪᠣᠥ ᠭᠠᠩ᠂ ︽ᠲᠤᠰᠬᠠᠢ ᠬᠥᠮᠦᠨ ᠢᠶᠠᠷ ᠠᠩᠬᠠᠷᠤᠭᠤᠯᠤᠨ ᠡᠷᠬᠢᠯᠡᠭᠦᠯᠵᠦ᠂ ᠲᠤᠰᠬᠠᠢ ᠠᠩᠬᠢ ᠪᠠᠷ ᠠᠬᠢᠭᠤᠯᠬᠤ︾ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠢᠬᠦ ᠬᠡᠷᠡᠭᠲᠡᠢ᠃ ᠳᠠᠷᠢᠬᠤ ᠪᠠ ᠲᠡᠵᠢᠭᠡᠨ ᠦᠷᠡᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠮᠧᠩ ᠼᠤᠤ᠂ ᠼᠤᠤ ᠳ᠋ᠦ᠋ ᠵᠡᠷᠭᠡ ᠡᠪᠡᠰᠦᠨ ᠤ ᠦᠢᠯᠡᠰ ᠤᠨ ᠺᠣᠮᠫᠠᠨᠢ ᠳᠤ ᠲᠦᠰᠢᠭᠯᠡᠨ ᠂ ᠲᠡᠵᠢᠭᠡᠯ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠣᠲᠣ ᠦᠶ᠎ᠡ ᠶᠢᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠶᠢ ᠨᠢᠭᠡ ᠴᠤᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠬᠡᠷᠡᠭᠲᠡᠶ᠃ ᠬᠤᠨᠢᠨ ᠤ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ᠂ ᠱᠧᠩ ᠵᠢᠶᠠᠨ ᠢᠮᠠᠭᠠᠨ ᠰᠦ᠂ ᠮᠧᠩ ᠶᠠᠩ ᠺᠣᠮᠫᠠᠨᠢ ᠵᠡᠷᠭᠡ ᠶᠢᠨ ᠬᠥᠭᠵᠢᠯᠲᠡ ᠪᠠᠨ ᠲᠦᠷᠭᠡᠳᠬᠡᠬᠦ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ᠃ ᠠᠮᠢᠳᠤ ᠭᠠᠭ᠋ᠠᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠵᠠᠭᠤᠨ ᠲᠦᠮᠡᠨ ᠲᠣᠯᠣᠭᠠᠢ ᠠᠮᠢᠳᠤ ᠭᠠᠭ᠋ᠠᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃       ᠪᠣᠥ ᠭᠠᠩ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠬᠦᠴᠦᠲᠡᠢ ᠠᠵᠠ ᠲᠣᠬᠢᠶᠠᠯ ᠢ ᠴᠢᠩᠭ᠎ᠠ ᠠᠳᠬᠤᠵᠤ᠂ ᠠᠭᠠᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠢ ᠢᠵᠢ ᠪᠦᠷᠢᠳᠦᠭᠦᠯᠦᠨ ᠲᠥᠪᠯᠡᠷᠡᠭᠦᠯᠵᠦ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠦᠭᠡᠶ ᠬᠤᠷᠢᠭ᠎ᠠ ᠱᠤᠭᠤᠮ ᠢ ᠪᠠᠲᠤ ᠰᠠᠬᠢᠵᠤ᠂ ᠬᠤᠷᠢᠨᠭᠡᠷ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠬᠤᠳᠠᠯᠳᠤᠭᠠᠴᠢᠨ ᠤᠷᠢᠵᠤ᠂ ᠮᠧᠩ ᠨᠢᠦ᠂ ᠮᠧᠩ ᠼᠤᠤ᠂ ᠵᠧᠩ ᠳ᠋ᠡ᠂ ᠮᠧᠩ ᠶᠠᠩ᠂ ᠱᠧᠩ ᠵᠢᠶᠠᠨ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠦᠢᠯᠡᠳᠦᠯ ᠢ ᠭᠦᠶ᠋ᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠥᠪᠥᠷ ᠮᠣᠩᠭᠤᠯ ᠢ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠠᠬᠢᠴᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠬᠤᠲᠠ ᠶᠢᠨ ᠤᠳᠤᠷᠢᠳᠤᠯᠭ᠎ᠠ ᠾᠧ ᠬᠠᠶ ᠳ᠋ᠦᠩ᠂ ᠴᠠᠩ ᠫᠸᠢ ᠵᠥᠩ᠂ ᠯᠢᠦ ᠵᠢᠶ ᠶᠢᠩ᠂ ᠰᠢᠤᠢ ᠱᠸᠤ ᠵᠢᠶ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ