ᠭᠤᠤ ᠹᠧᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/18
      10 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠹᠧᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ᠂ ᠲᠥᠷᠥᠯ ᠵᠦᠢᠯ ᠤᠨ ᠨᠥᠭᠡᠴᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠤᠳᠤᠷᠢᠳᠤᠯᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠴᠠᠭ ᠢ ᠠᠮᠵᠢᠨ ᠲᠥᠷᠥᠯ ᠵᠦᠢᠯ ᠤᠨ ᠠᠵᠢᠯ ᠤᠨ ᠲᠥᠰᠦᠯ ᠢ ᠡᠮᠬᠢᠯᠡᠨ ᠳᠢᠭᠯᠡᠵᠦ᠂ ᠠᠵᠢᠯ ᠤᠨ ᠴᠠᠭ ᠤᠨ ᠬᠢᠵᠠᠭᠠᠷ ᠢ ᠬᠢᠵᠠᠭᠠᠷᠯᠠᠨ᠂ ᠠᠵᠤ ᠠᠬᠤᠶᠢᠯᠠᠯ ᠯᠤᠭ᠎ᠠ ᠴᠠᠭ ᠲᠤᠬᠠᠶ ᠳᠤᠨᠢ ᠵᠣᠯᠭᠠᠭᠤᠯᠵᠤ᠂ ᠲᠥᠷᠥᠯ ᠵᠦᠢᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ ᠰᠠᠭᠤᠷᠢ ᠪᠠᠲᠤᠯᠠᠭ᠎ᠠ ᠶᠢ ᠰᠠᠶᠢᠲᠤᠷ ᠬᠢᠵᠦ᠂ ᠬᠡᠲᠦ ᠥᠨᠳᠥᠷ ᠳᠠᠷᠤᠯᠲᠠ᠂ ᠵᠠᠮ ᠵᠡᠷᠭᠡ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠵᠦᠢᠯ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠲᠠᠢ ᠬᠠᠮᠵᠢᠯᠴᠠᠨ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃       ᠰᠢᠶᠠᠨ ᠤ ᠤᠳᠤᠷᠢᠳᠤᠯᠭ᠎ᠠ ᠹᠠᠨ ᠬᠤᠤ ᠪᠥᠸᠧ᠂ ᠸᠠᠩ ᠰᠢᠶᠤᠤ ᠮᠢᠩ᠂ ᠯᠢᠦᠶ ᠶᠣᠣ ᠯᠦᠩ᠂ ᠵᠣᠣ ᠵᠢᠶᠠᠨ ᠴᠢᠩ᠂ ᠯᠢ ᠯᠢ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ