ᠶᠦᠨ ᠰᠢᠨ ᠮᠢᠩ ᠬᠤᠷᠢᠨᠭᠡᠷ ᠰᠢᠶᠠᠨ ᠤ ᠰᠢᠶᠠᠨ ᠤ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/18
     
10.15云新明调研我县蒙牛中国乳业产业园项目建设推进情况 1.jpg
10.15云新明调研我县蒙牛中国乳业产业园项目建设推进情况 2.jpg
      10 ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠦᠨ ᠰᠢᠨ ᠮᠢᠩ ᠮᠠᠨ ᠤ ᠰᠢᠶᠠᠨ ᠳᠤ ᠭᠦᠨᠵᠡᠭᠡᠶᠢᠷᠡᠨ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠢ ᠰᠢᠮᠳᠠᠭᠤᠯᠤᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠠᠬᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠥᠷᠥᠯ ᠵᠦᠢᠯ ᠤᠨ ᠪᠠᠲᠤᠯᠠᠭ᠎ᠠ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠯᠭᠡᠪᠡ᠃       ᠶᠦᠨ ᠰᠢᠨ ᠮᠢᠩ ᠤᠷᠢᠳ ᠬᠤᠵᠢᠳ ᠵᠧᠩ ᠶᠤᠸᠠᠨ ᠲᠦᠮᠡᠨ ᠲᠣᠯᠣᠭᠠᠢ ᠮᠠᠯᠵᠢᠯ ᠤᠨ ᠲᠠᠯᠠᠪᠠᠢ᠂ ᠼᠣᠣ ᠶᠣᠸᠠᠨ ᠾᠧ ᠨᠢᠦ᠂ ᠮᠧᠩ ᠨᠢᠦ ᠶᠢᠨ ᠨᠠᠢᠮᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠡᠯ᠎ᠡ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠦᠷᠦᠯ ᠵᠦᠢᠯ ᠤᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠬᠤᠳᠠᠯᠳᠤᠭᠠᠴᠢᠨ ᠤᠷᠢᠬᠤ ᠵᠡᠷᠭᠡ ᠪᠠᠶᠢᠳᠠᠯ ᠢ ᠤᠢᠢᠯᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠳᠠᠷᠠᠭ᠎ᠠ ᠨᠢ ᠮᠧᠩ ᠨᠢᠦ ᠳᠤᠮᠳᠠᠳᠤ ᠤᠯᠤᠰ ᠤᠨ ᠰᠦᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠤᠨ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠶᠦᠨ ᠰᠢᠨ ᠮᠢᠩ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠲᠠᠢ ᠬᠠᠮᠲᠤᠪᠠᠷ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠪᠠ᠃       ᠶᠦᠨ ᠰᠢᠨ ᠮᠢᠩ ᠴᠢᠬᠤᠯᠠᠴᠢᠯᠠᠭᠰᠠᠨ ᠨᠢ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠲᠣᠳᠣᠷᠬᠠᠶᠢᠯᠠᠭᠰᠠᠨ ᠬᠤᠷᠢᠨᠭᠡᠷ ᠰᠢᠶᠠᠨ ᠤ ︽ᠰᠦ ᠮᠢᠬᠠᠨ ᠤ ᠪᠦᠲᠦᠭᠡᠭᠳᠡᠬᠦᠨ᠂ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠬᠦ︾ ᠬᠠᠷᠠᠯᠲᠠ ᠶᠢᠨ ᠲᠣᠭᠤᠷᠢᠨ ᠳᠤ᠂ ᠣᠳᠣᠬᠠᠨ ᠤ ᠲᠥᠷᠥᠯ ᠵᠦᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠨᠡᠪᠲᠡᠷᠡᠯᠴᠡᠨ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠪᠠᠷᠢᠯᠭ᠎ᠠ ᠶᠢᠨ ᠨᠢᠭᠡᠴᠡ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠢᠯ ᠤᠨ ᠨᠠᠷᠢᠨ ᠬᠠᠭᠤᠳᠠᠰᠤ ᠪᠠᠨ ᠵᠢᠭᠰᠠᠭᠠᠨ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠲᠦᠷᠭᠡᠳᠬᠡᠬᠦ ᠬᠡᠷᠡᠭᠲᠡᠶ ᠭᠡᠵᠡᠢ᠃       ᠶᠦᠨ ᠰᠢᠨ ᠮᠢᠩ ᠴᠢᠬᠤᠯᠠᠴᠢᠯᠠᠭᠰᠠᠨ ᠨᠢ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠲᠦ ᠥᠨᠳᠥᠷ ᠳᠠᠷᠤᠯᠲᠠ ᠵᠢᠴᠢ ᠬᠢᠨᠠᠨ ᠵᠥᠪᠰᠢᠶᠡᠷᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠠᠬᠢᠴᠠ ᠪᠠ ᠱᠠᠭᠠᠷᠳᠠᠯᠭ᠎ᠠ ᠶᠣᠰᠣᠭᠠᠷ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠤᠨ ᠬᠤᠳᠠᠯᠳᠤᠭᠠᠴᠢᠨ ᠤᠷᠢᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠥᠬᠡᠶ ᠬᠤᠷᠢᠭ᠎ᠠ ᠱᠤᠭᠤᠮ ᠢ ᠦᠷᠭᠦᠯᠵᠢᠯᠡᠨ ᠰᠠᠬᠢᠵᠤ᠂ ᠮᠧᠩ ᠨᠢᠦ ᠰᠦ ᠶᠢᠨ ᠦᠢᠯᠡᠰ ᠤᠨ ᠪᠦᠯᠦᠭᠯᠡᠯ ᠵᠡᠷᠭᠡ ᠠᠵᠤ ᠠᠬᠤᠶᠢᠯᠠᠯ ᠤᠨ ᠲᠣᠯᠣᠭᠠᠶᠢᠯᠠᠬᠤ ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠠᠵᠤ ᠦᠢᠯᠡᠰ ᠤᠨ ᠲᠥᠪᠯᠡᠷᠡᠭᠰᠡᠨ ᠳᠠᠪᠠᠭᠤᠯᠢᠭ ᠢ ᠲᠦᠷᠭᠡᠨ ᠪᠣᠶ ᠪᠣᠯᠭᠠᠬᠤ ᠬᠡᠷᠡᠭᠲᠡᠶ ᠭᠡᠪᠡ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠹᠧᠩ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠸᠠᠩ ᠵᠢᠶ ᠮᠢᠩ᠂ ᠬᠤᠲᠠ᠂ ᠰᠢᠶᠠᠨ ᠤ ᠬᠤᠯᠪᠣᠭᠳᠠᠯ ᠪᠥᠬᠦᠶ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ