ᠬᠤᠷᠢᠨᠭᠡᠷ ᠰᠢᠶᠠᠨ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/18
      ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠭᠦᠯᠦᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠵᠤ᠂ ᠠᠮᠤᠷ ᠠᠮᠤᠭᠤᠯᠠᠩ᠂ ᠪᠣᠯᠪᠠᠰᠤᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ 10 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠦᠷᠦᠭᠦᠯᠡᠨ᠂ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃       ᠠᠵᠢᠯᠯᠠᠬᠤ ᠳᠤᠭᠤᠶᠢᠯᠠᠩ ᠨᠢᠭᠡ ᠰᠤᠷᠭᠠᠭᠤᠯᠢ ᠳᠤ ᠭᠦᠨᠵᠡᠭᠡᠶᠢᠷᠡᠬᠦ ᠪᠦᠷᠢ᠂ ᠶᠠᠷᠢᠯᠴᠠᠬᠤ᠂ ᠪᠠᠶᠢᠴᠠᠭᠠᠯᠲᠠ ᠬᠢᠬᠦ᠂ ᠠᠰᠠᠭᠤᠨ ᠯᠠᠪᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠪᠣᠳᠠᠲᠠᠶ ᠭᠠᠵᠠᠷ ᠲᠤᠨᠢ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠵᠤ᠂ ᠨᠠᠰᠤᠨ ᠳᠤ ᠥᠯᠥ ᠬᠦᠷᠦᠭᠰᠡᠳ ᠤᠨ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠯ ᠰᠠᠨᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠳᠦᠷᠢᠮ ᠲᠣᠭᠲᠠᠴᠠ ᠵᠢᠴᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠴᠡᠭᠴᠡᠯᠡᠨ ᠵᠠᠰᠠᠵᠤ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠳᠤᠷᠠᠳᠤᠭᠰᠠᠨ ᠪᠥᠭᠡᠳ ᠡᠬᠡ ᠲᠠᠩᠰᠠ ᠪᠠᠶᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠮᠥᠷᠳᠡᠨ ᠰᠢᠪᠠᠳᠠᠨ ᠰᠢᠢᠳᠪᠦᠷᠢᠯᠡᠭᠦᠯᠬᠦ ᠶᠢᠨ ᠬᠠᠮᠲᠤ ᠵᠠᠷᠢᠮ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠵᠡᠶ᠃       ᠲᠣᠰ ᠤᠳᠠᠭᠠᠨ ᠤ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠶᠢ ᠦᠷᠭᠦᠯᠵᠢᠯᠡᠨ ᠴᠢᠩᠭᠠᠳᠬᠠᠵᠤ᠂ ᠬᠠᠮᠲᠤᠷᠠᠭᠰᠠᠨ ᠠᠵᠢᠯᠯᠠᠭ᠎ᠠ ᠪᠣᠯᠤᠨ ᠡᠳᠦᠷ ᠳᠤᠳᠤᠮ ᠤᠨ ᠲᠣᠭᠤᠷᠢᠨ ᠪᠠᠶᠢᠴᠠᠭᠠᠬᠤ ᠶᠢ ᠤᠶᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠰᠡᠷᠭᠡᠶᠢᠯᠡᠨ ᠵᠠᠰᠠᠬᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠪᠣᠯᠤᠨ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢᠨ ᠪᠦᠳᠦᠭᠡᠨ ᠪᠠᠶᠢᠭᠤᠯᠤᠯᠲᠠ ᠶᠢ ᠴᠡᠭᠴᠡᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ