ᠮᠠᠨ ᠤ ᠬᠤᠲᠠ ᠶᠢᠨ ᠠᠩᠬᠠᠨ ᠤ ᠪᠦᠯᠦᠭ  5 ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/10/18
      ︵ᠰᠤᠷᠪᠤᠯᠵᠢᠯᠠᠭᠴᠢ ᠯᠢᠦᠶ ᠬᠤᠶ ᠱᠧᠩ︶ ᠪᠥᠬᠦ ᠬᠤᠲᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠨᠡᠶᠢᠭᠡᠮᠴᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠣᠶᠢᠷ᠎ᠠ ᠳᠤ᠂ ᠡᠪᠯᠡᠯ ᠤᠨ ᠬᠤᠲᠠ ᠶᠢᠨ ᠬᠤᠷᠢᠶ᠎ᠠ᠂ ᠬᠤᠲᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠲᠦᠮᠡᠳ ᠵᠡᠭᠦᠨ ᠬᠤᠰᠢᠭᠤᠨ ᠤ ᠶᠢᠨ ᠱᠠᠨ ᠰᠤᠷᠭᠠᠭᠤᠯᠢ ᠳᠤ ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠶᠢᠨ ᠫᠠᠶᠢᠰᠠ ᠣᠯᠭᠤᠬᠤ ᠶᠣᠰᠣᠯᠠᠯ  ᠶᠠᠪᠤᠭᠤᠯᠵᠤ᠂ ᠣᠷᠣᠨ ᠤ ᠲᠥᠪ ᠬᠤᠲᠠ ᠶᠢᠨ ᠠᠩᠬᠠᠨ ᠤ ᠪᠦᠯᠦᠭ ᠤᠨ 5 ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠶᠢ ᠪᠠᠶᠢᠭᠤᠯᠪᠠ᠃       ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠫᠠᠶᠢᠰᠠ ᠣᠯᠭᠤᠭᠰᠠᠨ 5 ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠨᠢ᠄ ᠬᠤᠲᠣᠩ ᠠᠷᠠᠳ ᠤᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ᠂ ᠢᠦᠢ ᠴᠢᠦᠸᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠥᠪ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ᠂ ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠶᠢᠨ ᠰᠢᠩ ᠺᠠᠩ ᠨᠡᠶᠢᠭᠡᠮ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ᠂ ᠰᠠᠶᠢᠬᠠᠨ ᠲᠣᠭᠤᠷᠢᠭ ᠤᠨ ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠶᠦᠩ ᠲᠠᠢ ᠨᠡᠶᠢᠭᠡᠮ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ᠂ ᠰᠠᠶᠢᠬᠠᠨ ᠲᠣᠭᠤᠷᠢᠭ ᠤᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠵᠡᠭᠡᠯᠢ ᠭᠤᠳᠤᠮᠵᠢ ᠶᠢᠨ ᠦᠢᠯᠡᠰ ᠪᠤᠰᠬᠠᠬᠤ ᠨᠡᠶᠢᠭᠡᠮ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠪᠣᠯᠣᠨ᠎ᠠ᠃       ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ ᠳᠣᠤᠷ᠎ᠠ᠂ ᠮᠠᠨ ᠤ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠶᠢᠨ ᠪᠠᠶᠢᠭᠤᠯᠤᠭᠳᠠᠭᠰᠠᠨ ᠨᠢ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮ ᠤᠨ ᠠᠵᠢᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠭᠠᠴᠤᠳ ᠬᠡᠤᠬᠡᠳ ᠲᠤ ᠰᠤᠷᠭᠠᠭᠤᠯᠢ ᠶᠢᠨ ᠭᠠᠳᠠᠨ᠎ᠠ ᠤᠯᠤᠰ ᠲᠥᠷᠥ ᠶᠢᠨ ᠵᠢᠯᠣᠭᠤᠳᠣᠯᠭ᠎ᠠ ᠪᠠ ᠦᠵᠡᠯ ᠰᠠᠨᠠᠭᠠᠨ ᠤ ᠰᠡᠬᠡᠭᠡᠷᠡᠭᠦᠯᠦᠯᠲᠡ ᠬᠢᠬᠦ ᠳᠤ ᠰᠠᠶᠢᠨ ᠲᠠᠪᠴᠠᠩ ᠬᠠᠩᠭᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ ᠢ ᠵᠣᠬᠢᠶᠠᠨ ᠪᠠᠶᠢᠭᠤᠯᠤᠨ ᠥᠷᠨᠢᠭᠦᠯᠬᠦ ᠬᠦᠴᠦᠲᠡᠶ ᠠᠴᠢᠶᠠᠯᠠᠪᠤᠷᠢ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠨᠢ ᠴᠤ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠦᠨᠳᠦᠰᠦᠨ ᠡᠭᠦᠷᠭᠡ ᠳᠤ ᠰᠠᠭᠤᠷᠢᠯᠠᠵᠤ᠂ ᠥᠷᠲᠡᠭ ᠤᠨ ᠦᠵᠡᠯᠲᠡ ᠲᠠᠢ ᠨᠢᠭᠲᠠ ᠤᠶᠠᠯᠳᠤᠭᠤᠯᠤᠨ ᠭᠤᠤᠯ ᠬᠠᠷᠢᠭᠤᠴᠠᠯᠭ᠎ᠠ ᠭᠤᠤᠯ ᠠᠵᠢᠯ ᠢ ᠪᠣᠶ ᠪᠣᠯᠭᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠥᠭᠡᠷᠡᠴᠢᠯᠡᠯᠲᠡ ᠶᠢ ᠲᠦᠷᠦᠭᠦᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠭᠤᠤᠯ ᠵᠢᠭᠰᠠᠭᠠᠯ ᠤᠨ ᠭᠠᠵᠠᠷ ᠢ ᠪᠣᠶ ᠪᠣᠯᠭᠠᠪᠠ᠃ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ︽ᠤᠯᠠᠭᠠᠨ ᠪᠥᠴᠡᠲᠡᠨ ᠤ ᠱᠠᠩᠨᠠᠯ ᠤᠨ ᠲᠡᠮᠳᠡᠭ︾  ᠢ ᠴᠢᠷᠮᠠᠶᠢᠨ ᠣᠯᠬᠤ ᠠᠵᠢᠯ ᠪᠠ ︽ᠳᠥᠷᠪᠡᠨ ᠲᠡᠤᠬᠡ︾ ᠶᠢᠨ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠳᠡᠮᠵᠢᠨ ᠥᠷᠨᠢᠭᠦᠯᠵᠦ᠂ ᠨᠡᠶᠢᠭᠡᠮ ᠤᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠳᠬᠡᠵᠦ᠂ ᠰᠤᠷᠤᠯᠴᠠᠯᠭ᠎ᠠ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠢᠭᠤᠯᠤᠨ᠂ ︽ᠰᠤᠷᠭᠠᠭᠤᠯᠢ ᠶᠢᠨ ᠳᠣᠲᠣᠷ᠎ᠠ + ᠰᠤᠷᠭᠠᠭᠤᠯᠢ ᠶᠢᠨ ᠭᠠᠳᠠᠨ᠎ᠠ︾ ᠶᠢᠨ ᠬᠠᠮᠲᠤᠷᠠᠨ ᠬᠥᠳᠡᠯᠦᠯᠴᠡᠬᠦ ᠠᠵᠢᠯ ᠢ ᠰᠠᠶᠢᠲᠤᠷ ᠬᠢᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ