ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/18
ᠪᠣᠣ ᠭᠠᠩ ᠡᠷᠬᠢᠯᠡᠪᠡ      ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠵᠤ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠳᠠ ᠶᠢᠨ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠰᠣᠨᠣᠰᠴᠤ ᠲᠤᠬᠢᠷᠠᠭᠤᠯᠤᠨ ᠪᠠᠶᠢᠷᠢᠯᠠᠭᠤᠯᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠵᠤ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠣᠳᠠᠲᠠᠶ ᠲᠣᠬᠢᠷᠠᠭᠤᠯᠤᠯᠲᠠ ᠶᠣᠰᠣᠭᠠᠷ᠂ ︽ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠥᠬᠡᠶ ᠬᠥᠭᠵᠢᠭᠦᠯᠬᠦ︾ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠪᠡᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠭᠠᠳᠠᠨ᠎ᠠ ᠠᠴᠠ ᠬᠠᠯᠳᠠᠪᠤᠷᠢᠯᠠᠨ  ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠴᠢᠩᠭᠠᠳᠬᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠪᠠᠶᠢᠴᠠᠭᠠᠨ ᠵᠡᠷᠭᠡᠪᠡᠷ ᠬᠠᠮᠢᠶᠠᠷᠴᠤ᠂ ᠭᠠᠯᠲᠤ ᠲᠡᠷᠭᠡᠨ ᠦᠷᠳᠡᠭᠡ᠂ ᠭᠠᠵᠠᠷ ᠳᠣᠣᠷᠠᠬᠢ ᠲᠡᠮᠦᠷ ᠵᠠᠮ ᠤᠨ ᠦᠷᠳᠡᠭᠡ᠂ ᠮᠠᠰᠢᠨ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ ᠵᠢᠴᠢ ᠬᠤᠳᠠᠯᠳᠤᠭ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠬᠠᠷ᠎ᠠ ᠤᠯᠠᠨ ᠲᠥᠪᠯᠡᠷᠡᠭᠰᠡᠨ ᠭᠠᠵᠠᠷ ᠤᠨ ᠬᠢᠵᠢᠭ ᠤᠨ ᠪᠠᠶᠢᠳᠠᠯ ᠢ ᠴᠢᠩᠭ᠎ᠠ ᠬᠠᠮᠢᠶᠠᠷᠤᠨ ᠡᠵᠡᠮᠳᠡᠵᠦ᠂ ᠣᠯᠠᠨ ᠤᠯᠤᠰ ᠤᠨ ᠨᠢᠰᠬᠡᠯ ᠢ ᠬᠤᠪᠢᠶᠠᠷᠢᠯᠠᠨ ᠪᠠᠭᠤᠯᠭᠠᠵᠤ ᠬᠢᠯᠢ ᠪᠠᠷ ᠣᠷᠣᠵᠤ ᠢᠷᠡᠭᠰᠡᠨ ᠬᠥᠮᠦᠰ ᠤᠨ ᠪᠦᠬᠦ ᠶᠠᠪᠤᠴᠠ ᠳᠠᠬᠢ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠳᠡᠯᠭᠡᠷᠡᠬᠦ ᠲᠦᠭᠰᠢᠭᠦᠷᠢ ᠶᠢ ᠦᠨᠡᠨᠬᠦ ᠪᠠᠭᠠᠰᠬᠠᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ ᠬᠠᠮᠠᠭᠠᠯᠠᠬᠤ︾ ᠶᠢ ᠡᠷᠡᠰ   ᠭᠤᠶᠢᠪᠢᠰᠢ ᠦᠭᠡᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠠᠴᠠ ᠮᠠᠨ ᠤ ᠬᠤᠳᠠ ᠳᠤ ᠵᠢᠭᠠᠵᠤ ᠭᠠᠷᠭᠠᠭᠰᠠᠨ ᠠᠰᠠᠭᠤᠳᠠᠯ ᠢ ᠨᠢᠭᠡ ᠠᠴᠠ ᠨᠥᠬᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠴᠥᠬᠦᠷᠡᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ  ᠢᠯᠵᠠᠷᠠᠯ ᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠤᠨ ᠲᠣᠭᠤᠷᠢᠨ ᠳᠤ ᠵᠠᠬᠢᠳᠠᠯ ᠰᠤᠷᠪᠤᠯᠵᠢᠯᠠᠭ᠎ᠠ ᠶᠢ ᠶᠡᠬᠡᠪᠡᠷ ᠬᠦᠯᠢᠶᠡᠨ ᠠᠪᠬᠤ᠂ ᠶᠡᠬᠡᠪᠡᠷ ᠪᠠᠶᠢᠴᠠᠭᠠᠬᠤ᠂ ᠶᠡᠬᠡᠪᠡᠷ ᠰᠢᠢᠳᠪᠦᠷᠢᠯᠡᠬᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠦᠯᠡᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠨᠢᠭᠡ ᠪᠦᠯᠦᠭ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠳᠦᠷᠢᠮ ᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠲᠡᠭᠦᠯᠳᠡᠷ ᠪᠤᠰᠤ᠂ ᠢᠵᠢ ᠪᠦᠷᠢᠳᠦᠭᠰᠡᠨ ᠦᠭᠡᠶ ᠠᠴᠠ ᠪᠣᠯᠤᠭᠰᠠᠨ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠠᠤᠯᠢ ᠴᠠᠭᠠᠵᠠ ᠳᠤ ᠬᠤᠯᠪᠣᠭᠳᠠᠭᠰᠠᠨ ᠪᠠ ᠵᠠᠷᠭᠤ ᠳᠤ ᠬᠤᠯᠪᠣᠭᠳᠠᠭᠰᠠᠨ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠬᠠᠤᠯᠢ ᠶᠣᠰᠣᠭᠠᠷ ᠰᠢᠢᠳᠪᠦᠷᠢᠯᠡᠨ᠂ ᠨᠢᠭᠡ ᠪᠦᠯᠦᠭ ᠭᠤᠮᠣᠳᠠᠯ ᠱᠠᠭᠠᠷᠳᠠᠯᠭ᠎ᠠ ᠨᠢ ᠵᠦᠢ ᠵᠤᠬᠢᠰ ᠦᠭᠡᠢ ᠪᠣᠯᠪᠠᠴᠤ ᠮᠥᠨ ᠯᠡ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠵᠤ ᠪᠠᠶᠢᠭ᠎ᠠ ᠬᠠᠤᠯᠢ ᠶᠢ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ︔ ᠬᠦᠮᠦᠨᠴᠢ ᠬᠠᠯᠠᠮᠵᠢᠯᠠᠯ ᠦᠵᠡᠭᠦᠯᠦᠨ᠂ ᠨᠢᠭᠡ ᠪᠦᠯᠦᠭ ᠭᠤᠮᠣᠳᠠᠯ ᠱᠠᠭᠠᠷᠳᠠᠯᠭ᠎ᠠ ᠨᠢ ᠵᠦᠢ ᠵᠤᠬᠢᠰ ᠦᠭᠡᠢ ᠪᠣᠯᠪᠠᠴᠤ ᠠᠮᠢᠳᠤᠷᠠᠯ ᠨᠢ ᠦᠨᠡᠬᠡᠷ ᠬᠦᠴᠢᠷᠳᠡᠯ ᠲᠠᠢ ᠤᠯᠠᠨ ᠲᠦᠮᠡᠨ ᠢ ᠠᠪᠤᠷᠠᠨ ᠲᠤᠰᠠᠯᠠᠬᠤ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠨ ᠬᠦ ᠭᠦᠨᠵᠡᠭᠡᠶ ᠨᠠᠷᠢᠨ ᠨᠢᠮᠪᠠᠶ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠤ ᠶᠡᠭᠡ ᠲᠠᠯ᠎ᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ