ᠥᠨᠳᠥᠷ ᠪᠠᠷᠢᠮᠵᠢᠶᠠᠲᠤ ᠲᠠᠷᠢᠶ᠎ᠠ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2021/10/18
20211018-3.jpg
       ᠠᠷᠪᠠᠨ ᠰᠠᠷ᠎ᠠ ᠶᠢᠨ ᠡᠬᠡ ᠭᠠᠵᠠᠷ ᠡᠯᠪᠡᠭ ᠬᠤᠷᠢᠶᠠᠯᠲᠠ ᠶᠢᠨ ᠥᠯᠥᠭᠡᠢ᠃ ᠲᠣᠭᠲᠠᠬᠤ ᠰᠢᠶᠠᠨ ᠤ ᠬᠠᠭᠤᠴᠢᠨ ᠬᠤᠲᠠ ᠪᠠᠯᠭᠠᠰᠤ ᠶᠢᠨ ᠡᠮᠦᠨ᠎ᠡ ᠲᠠᠶᠢᠵᠢ ᠲᠣᠰᠬᠤᠨ ᠤ ᠲᠦᠮᠡᠨ ᠮᠦ ᠡᠷᠳᠡᠨᠢ ᠰᠢᠰᠢ ᠡᠨᠡ ᠵᠢᠯ ᠪᠠᠰᠠ ᠡᠯᠪᠡᠭ ᠬᠤᠷᠢᠶᠠᠯᠲᠠ ᠣᠯᠵᠤ᠂ ᠲᠠᠷᠢᠶᠠᠨ ᠭᠠᠵᠠᠷ ᠢᠶᠠᠷ ᠨᠠᠰᠢ ᠴᠠᠰᠢ ᠶᠠᠪᠤᠵᠤ ᠪᠠᠶᠢᠭ᠎ᠠ ᠲᠣᠰᠬᠤᠨ ᠤ ᠠᠷᠠᠳ ᠤᠨ ᠴᠢᠷᠠᠢ  ᠳᠤ ᠪᠠᠶᠠᠷ ᠤᠨ ᠮᠦᠰᠢᠶᠡᠳᠦ ᠲᠤᠳᠤᠷᠠᠨ᠎ᠠ᠃       ᠠᠯᠢ ᠡᠷᠲᠡ 2019 ᠣᠨ ᠳᠤ᠂ ᠡᠮᠦᠨ᠎ᠡ ᠲᠠᠶᠢᠵᠢ ᠲᠣᠰᠬᠤᠨ ᠤ ᠬᠠᠭᠤᠷᠠᠶ ᠲᠠᠷᠢᠶ᠎ᠠ ᠶᠢᠨ ᠡᠵᠡᠯᠡᠬᠦ ᠬᠠᠷᠢᠴᠠᠯ ᠨᠢ ᠮᠠᠰᠢ ᠶᠡᠭᠡ ᠪᠠᠶᠢᠵᠤ᠂ ᠨᠢᠭᠡ ᠵᠢᠯ ᠤᠨ ᠬᠤᠷᠢᠶᠠᠯᠲᠠ ᠨᠢ ᠦᠨᠳᠦᠰᠦᠨ ᠳᠡᠭᠡᠨ ︽ᠲᠩᠷᠢ ᠶᠢᠨ ᠴᠢᠷᠠᠶ ᠶᠢ ᠬᠠᠷᠠᠳᠠᠭ︾ ᠪᠠᠶᠢᠪᠠ᠂ ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠠᠳᠡ ᠬᠠᠲᠤᠨ ᠭᠤᠤᠯ ᠤᠨ ᠤᠰᠤᠨ ᠰᠤᠪᠠᠭ ᠤᠨ ᠤᠰᠤᠯᠠᠯᠲᠠ ᠶᠢᠨ ᠣᠷᠣᠨ ᠢ 2000 ᠮᠥ ᠪᠠᠶᠢᠭᠤᠯᠵᠤ ᠂ ᠪᠦᠷᠬᠦᠪᠴᠢ ᠶᠢᠨ ᠳᠣᠤᠷ᠎ᠠ ᠳᠤᠰᠤᠯᠭᠠᠨ ᠤᠰᠤᠯᠠᠬᠤ ᠤᠰᠤᠯᠠᠯᠲᠠ ᠶᠢᠨ ᠣᠷᠣᠨ ᠢ 8000 ᠮᠥ ᠪᠠᠶᠢᠭᠤᠯᠵᠤ᠂ ᠬᠠᠭᠤᠷᠠᠶ ᠲᠠᠷᠢᠶ᠎ᠠ ᠶᠢᠨ ᠤᠰᠤᠯᠠᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠨᠡᠮᠡᠨ ᠬᠡᠷᠡᠭᠯᠡᠵᠦ᠂ ᠪᠥᠬᠦ ᠲᠣᠰᠬᠤᠨ ᠤ ᠲᠠᠷᠢᠶᠠᠨ ᠭᠠᠵᠠᠷ ᠤᠨ ᠪᠦᠬᠦᠶᠢᠯᠡ ᠤᠰᠤᠯᠠᠯᠲᠠ ᠶᠢᠨ ᠬᠤᠷᠳᠤᠴᠠ ᠶᠢ ᠤᠤᠯ ᠤᠨ 20 ᠡᠳᠦᠷ ᠠᠴᠠ 10 ᠡᠳᠦᠷ ᠪᠣᠯᠭᠠᠨ ᠪᠠᠭᠠᠰᠬᠠᠵᠤ᠂ ᠤᠰᠤ ᠠᠷᠪᠢᠯᠠᠬᠤ ᠬᠡᠮᠵᠢᠶ᠎ᠡ ᠶᠢ 30% ᠳᠤ ᠬᠦᠷᠭᠡᠵᠦ᠂ ᠲᠠᠷᠢᠮᠠᠯ ᠤᠨ ᠤᠨᠠᠯᠲᠠ ᠶᠢ 20% ᠪᠠᠷ ᠨᠡᠮᠡᠭᠳᠡᠭᠦᠯᠵᠡᠶ᠃       ᠤᠳᠤ᠂ ᠡᠮᠦᠨ᠎ᠡ ᠲᠠᠶᠢᠵᠢ ᠲᠣᠰᠬᠤᠨ ᠪᠣᠯ ᠲᠣᠭᠲᠠᠬᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠᠶᠢᠵᠤ᠂ ᠲᠠᠷᠢᠶᠠᠴᠢᠨ ᠤᠯᠠᠨ ᠲᠦᠮᠡᠨ ᠤ ᠣᠷᠣᠯᠭ᠎ᠠ ᠶᠢ ᠦᠨᠡᠨ ᠪᠣᠳᠠᠲᠠᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠲᠤᠳᠬᠠᠪᠠ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠥᠷᠭᠡᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ