ᠮᠠᠨ ᠤ ᠬᠤᠲᠠ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/10/19
      ︵ᠰᠤᠷᠪᠤᠯᠵᠢᠯᠠᠭᠴᠢ ᠰᠥᠩ ᠰᠢᠶᠠᠩ ᠬᠤᠸᠠ︶ ᠮᠠᠨ ᠤ ᠬᠤᠲᠠ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ ᠠᠵᠢᠯ ᠤᠨ ᠰᠢᠨᠵᠢᠯᠡᠬᠦ ᠤᠬᠠᠭᠠᠨᠴᠢ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠲᠦᠮᠵᠢᠲᠡᠶ ᠠᠬᠢᠭᠤᠯᠪᠠ᠃       ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 114.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.43% ᠪᠠᠷ ᠨᠡᠮᠡᠭᠳᠡᠨ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 167.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.75% ᠪᠠᠷ ᠨᠡᠮᠡᠭᠳᠡᠪᠡ᠃       ᠬᠥᠬᠡᠬᠤᠲᠠ ᠶᠢᠨ ᠡᠳ᠋ ᠤᠨ ᠵᠠᠰᠠᠭ ᠤᠨ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠪᠣᠯ᠄ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠣᠷᠣᠯᠭ᠎ᠠ ᠶᠢᠨ ᠢᠷᠡᠯᠲᠡ᠂ ᠭᠠᠶᠢᠯᠢ ᠰᠦᠢᠳᠬᠡᠯ ᠤᠨ ᠥᠷᠢ ᠰᠢᠷᠢ ᠶᠢ ᠢᠯᠭᠠᠷᠠᠭᠤᠯᠬᠤ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯ ᠤᠨ ᠬᠤᠪᠢᠴᠠᠭᠠᠨ ᠤ ᠡᠷᠬᠡ ᠶᠢ ᠰᠢᠯᠵᠢᠭᠦᠯᠦᠨ ᠬᠤᠳᠠᠯᠳᠤᠬᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠪᠠᠷ ᠲᠡᠮᠡᠴᠡᠨ ᠤᠯᠬᠤ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠯᠡᠬᠦ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠠᠰᠢᠭ ᠲᠤᠰᠠ ᠶᠢ ᠶᠡᠭᠡ ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠡᠳ᠋ ᠤᠨ ᠵᠠᠰᠠᠭ ᠮᠥᠩᠭᠦᠨ ᠭᠦᠢᠯᠭᠡᠭᠡ ᠨᠡᠶᠢᠭᠡᠮ ᠤᠨ ᠬᠦᠷᠦᠩᠬᠡ ᠶᠢ ᠰᠠᠶᠢᠬᠠᠨ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠦᠳᠤᠯᠤᠨ ᠵᠢᠯᠣᠭᠤᠳᠬᠤ ᠰᠠᠭᠤᠷᠢ ᠮᠥᠩᠭᠦ ᠶᠢ ᠨᠠᠶᠢᠳᠠᠪᠤᠷᠢᠵᠢᠭᠤᠯᠬᠤ ᠠᠬᠢᠴᠠ ᠶᠢ ᠲᠦᠷᠭᠡᠳᠬᠡᠨ᠎ᠡ᠃ ᠬᠤᠶᠠᠷ ᠲᠤ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠰᠦᠪ ᠢ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠰᠢᠭᠤᠳ ᠪᠡᠯᠡ ᠮᠥᠩᠭᠦ ᠶᠢᠨ ᠠᠵᠤ ᠠᠬᠤᠶᠢᠯᠠᠯ ᠳᠤ ᠲᠤᠰᠠ ᠬᠦᠷᠭᠡᠵᠦ ᠠᠷᠠᠳ ᠢᠷᠭᠡᠳ ᠲᠤ ᠠᠰᠢᠭ ᠬᠦᠷᠳᠡᠭᠡᠬᠦ ᠦᠢᠯᠡᠳᠦᠯ ᠢ ᠰᠠᠶᠢᠲᠤᠷ ᠪᠠᠳᠠᠷᠠᠭᠤᠯᠤᠨ᠎ᠠ︔ ᠡᠩ ᠤᠨ ᠴᠢᠨᠠᠷᠲᠠᠶ ᠵᠠᠷᠤᠯᠭ᠎ᠠ ᠶᠢ ᠨᠡᠩ ᠶᠡᠭᠡ ᠪᠠᠷ ᠪᠠᠭᠠᠰᠬᠠᠵᠤ᠂ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠎ᠠ︔ ᠡᠳ᠋ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠵᠡᠷᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠠᠲᠤᠯᠠᠵᠤ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ ᠲᠥᠰᠦᠪ ᠢ ᠲᠣᠬᠢᠷᠠᠭᠤᠯᠤᠭᠰᠠᠨ ᠰᠠᠭᠤᠷᠢᠨ ᠳᠡᠭᠡᠷ᠎ᠡ ᠥᠷᠢ ᠥᠭᠴᠡᠭᠡ ᠶᠢ ᠢᠯᠭᠠᠷᠠᠭᠤᠯᠬᠤ ᠠᠷᠭ᠎ᠠ ᠵᠠᠮ ᠢ ᠥᠷᠭᠡᠳᠬᠡᠨ᠎ᠡ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠦᠢᠯᠡᠰ ᠢ ᠲᠠᠰ ᠳᠡᠪᠰᠢᠭᠦᠯᠬᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠲᠠᠢ ᠴᠢᠬᠤᠯᠠ ᠶᠡᠭᠡ ᠲᠥᠷᠥᠯ ᠵᠦᠢᠯ ᠢ ᠴᠢᠩᠭ᠎ᠠ ᠠᠩᠬᠠᠷᠴᠤ᠂ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠤᠯᠬᠤ ᠪᠠ ᠬᠡᠷᠡᠭᠯᠡᠬᠦ ᠶᠢ ᠰᠠᠶᠢᠲᠤᠷ ᠬᠢᠨ᠎ᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠨ ᠤ ᠳᠥᠯᠥᠬᠦ ᠡᠭᠦᠷᠭᠡ ᠪᠠᠨ ᠦᠨᠡᠨᠬᠦ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ