ᠮᠠᠨ ᠤ ᠬᠤᠲᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠳᠤ ᠪᠦᠬᠦ ᠲᠠᠯ᠎ᠠ ᠶᠢᠨ ᠲᠤᠰᠬᠠᠶ ᠪᠠᠶᠢᠴᠠᠭᠠᠯᠲᠠ ᠪᠠ ᠴᠡᠭᠴᠡᠯᠡᠯᠲᠡ ᠬᠢᠪᠡ
ᠨᠡᠶᠢᠲᠡᠯᠡᠭᠰᠡᠨ ᠴᠠᠭ᠄
2021/10/19
      ︵ᠰᠤᠷᠪᠤᠯᠵᠢᠯᠠᠭᠴᠢ ᠴᠢ ᠰᠢᠶᠤᠤ ᠶᠠᠨ ᠴᠢᠮᠡᠭᠡᠯᠡᠭᠴᠢ ᠯᠢ ᠵᠢᠶᠠᠨ︶ ᠰᠤᠷᠪᠤᠯᠵᠢᠯᠠᠭᠴᠢ ᠲᠦᠷᠦᠭᠦᠬᠡᠨ ᠣᠶᠢᠯᠠᠭᠠᠭᠰᠠᠨ ᠢᠶᠠᠷ᠂ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠥᠲᠥᠯᠥᠨ ᠵᠢᠯᠣᠭᠤᠳᠬᠤ ᠪᠠ ᠵᠢᠷᠤᠮᠵᠢᠭᠤᠯᠵᠤ᠂ ︽ᠵᠢᠵᠢᠭ ᠬᠤᠭᠤᠯᠠᠨ ᠰᠢᠷᠡᠭᠡ︾ ᠶᠢᠨ ᠠᠵᠢᠯᠲᠠᠳ ᠤᠨ ᠢᠳᠡᠭᠡᠨ ᠤ ᠠᠶᠤᠯᠭᠦᠢ ᠶᠢᠨ ᠤᠬᠠᠮᠰᠠᠷ ᠢ ᠳᠡᠭᠡᠭᠰᠢᠯᠡᠭᠦᠯᠦᠨ᠂ ︽ᠵᠢᠵᠢᠭ ᠬᠤᠭᠤᠯᠠᠨ ᠰᠢᠷᠡᠭᠡ︾ ᠳᠤ ᠬᠤᠭᠤᠯᠠ ᠢᠳᠡᠵᠦ ᠨᠠᠶᠢᠳᠠᠨ ᠬᠠᠮᠢᠶᠠᠷᠤᠭᠤᠯᠬᠤ ᠰᠤᠷᠤᠭᠴᠢᠳ ᠤᠨ ᠢᠳᠡᠭᠡᠨ ᠤᠮᠳᠠᠭᠠᠨ ᠤ ᠠᠶᠤᠯᠭᠦᠢ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠶᠢ ᠶᠠᠭ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠲᠤᠰᠬᠠᠶ ᠪᠠᠶᠢᠴᠠᠭᠠᠯᠲᠠ ᠪᠠ ᠴᠡᠭᠴᠡᠯᠡᠯᠲᠡ ᠳᠤᠮᠳᠠ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠭᠤᠣᠯᠳᠠᠭᠤ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠨᠡᠮᠯᠡᠯ ᠣᠯᠣᠭᠰᠠᠨ ᠪᠠᠶᠢᠳᠠᠯ᠂ ᠨᠠᠶᠢᠳᠠᠨ ᠬᠠᠮᠢᠶᠠᠷᠤᠭᠤᠯᠬᠤ ᠬᠤᠭᠤᠴᠠᠭᠠᠨ ᠳᠤ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠨ ᠪᠣᠯᠪᠠᠰᠤᠷᠠᠭᠤᠯᠤᠯ ᠬᠢᠵᠦ ᠬᠢᠴᠢᠶᠡᠯ ᠨᠥᠬᠦᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠠᠵᠢᠯᠲᠠᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠬᠤᠳᠠᠯᠳᠤᠨ ᠠᠪᠤᠭᠰᠠᠨ ᠢ ᠪᠠᠶᠢᠴᠠᠭᠠᠨ ᠰᠢᠯᠭᠠᠭᠰᠠᠨ᠂ ᠢᠳᠡᠭᠡᠨ ᠤ ᠨᠡᠮᠡᠯᠲᠡ ᠡᠳ᠋ ᠤᠨ ᠬᠠᠮᠢᠶᠠᠷᠤᠯᠲᠠ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠨ ᠴᠡᠪᠡᠷ ᠤᠨ ᠨᠥᠬᠦᠴᠡᠯ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠴᠢᠩᠭ᠎ᠠ ᠪᠠᠶᠢᠴᠠᠭᠠᠨ᠎ᠠ᠃ ᠣᠳᠣᠬᠠᠨ ᠳᠤ᠂ ᠵᠠᠷᠢᠮ ᠰᠤᠷᠭᠠᠭᠤᠯᠢ ᠶᠢᠨ ᠭᠠᠳᠠᠨᠠᠬᠢ ᠨᠠᠶᠢᠳᠠᠨ  ᠬᠠᠮᠢᠶᠠᠷᠤᠭᠤᠯᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠬᠢᠵᠦ ᠥᠬᠡᠶ ᠪᠠᠶᠢᠬᠤ ᠶᠢ ᠣᠯᠵᠤ ᠮᠡᠳᠡᠪᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠬᠠᠶ ᠶᠢᠨ ᠲᠠᠯᠠᠪᠤᠷ ᠲᠤᠨᠢ ᠬᠠᠷᠢᠭᠤ ᠮᠡᠳᠡᠭᠳᠡᠬᠦ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠥᠬᠡᠶ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠶᠢ ᠡᠵᠡᠩᠨᠡᠯᠲᠡ ᠶᠢ ᠨᠢ ᠵᠤᠭᠰᠤᠭᠠᠨ ᠴᠡᠭᠴᠡᠯᠡᠭᠦᠯᠬᠦ ᠪᠠᠷ ᠵᠠᠷᠯᠢᠭᠳᠠᠬᠤ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠬᠦᠴᠦᠨ ᠥᠬᠡᠶ ᠪᠣᠯᠭᠠᠵᠤ ᠂ ᠰᠣᠷᠣᠭᠴᠢ ᠶᠢᠨ ᠪᠡᠶ᠎ᠡ ᠶᠢᠨ ᠠᠮᠤᠷ ᠲᠦᠪᠰᠢᠨ ᠳᠤ ᠬᠤᠣᠷ ᠨᠦᠯᠦᠭᠡ ᠪᠣᠯᠣᠭᠰᠠᠨ ᠠᠴᠠ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ