10 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/10/19
      2021 ᠣᠨ ᠤ 10 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 5᠂ ᠡᠷᠢᠶᠡᠨ ᠬᠤᠲᠠ ᠳᠤ 2︶ ᠨᠡᠮᠡᠭᠳᠡᠪᠡ᠃      10 ᠳ᠋ᠤᠭᠠᠷ ᠰᠠᠷ᠎ᠠ ᠶᠢᠨ 19 ᠤ ᠡᠳᠦᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠠᠩᠬ᠎ᠠ ᠠᠷᠭ᠎ᠠ ᠴᠢᠨᠠᠷ ᠢᠶᠠᠷ ᠰᠢᠭᠰᠢᠭᠳᠡᠭᠰᠡᠨ 6 ᠬᠥᠮᠥᠨ ᠢ ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠬᠠᠷᠭᠤᠭᠤᠯᠤᠨ᠂ 5 ᠬᠥᠮᠥᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠠᠷᠭ᠎ᠠ ᠴᠢᠨᠠᠷ ᠢᠶᠠᠷ ᠲᠣᠳᠣᠯᠠᠵᠤ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠲᠣᠳᠣᠯᠠᠪᠠ᠃ ᠡᠨᠡ 5 ᠬᠥᠮᠦᠨ ᠪᠣᠯ ᠱᠠᠨᠰᠢ ᠮᠤᠵᠢ ᠶᠢᠨ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠬᠤ ᠵᠢᠶᠠᠩ ᠣᠪᠣᠭᠲᠤ᠂ ᠶᠠᠨ ᠣᠪᠣᠭᠲᠤ ᠶᠢᠨ ᠣᠶᠢᠷ᠎ᠠ ᠬᠠᠪᠢᠳᠠᠯ ᠪᠣᠯᠤᠨ᠎ᠠ᠂ ᠴᠥᠮ ᠡᠵᠡᠨ᠎ᠡ ᠬᠤᠰᠢᠭᠤᠨ ᠤ ᠳᠠᠯᠠᠶᠢᠬᠦᠪ ᠪᠠᠯᠭᠠᠰᠤᠨ ᠤ ᠲᠦᠩ ᠨᠠᠨ ᠭᠧ ᠬᠤᠭᠤᠯᠠᠨ ᠬᠡᠷ ᠲᠤ ᠠᠵᠢᠯᠯᠠᠵᠤ ᠪᠠᠶᠢᠪᠠ᠂ ᠣᠲᠣ ᠨᠢᠭᠡᠨᠲᠡ ᠡᠵᠡᠨ᠎ᠡ ᠬᠤᠰᠢᠭᠤᠨ ᠤ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ ᠪᠠᠶᠢᠨ᠎ᠠ᠂ ᠬᠤᠯᠪᠣᠭᠳᠠᠭᠰᠠᠨ ᠣᠶᠢᠷ᠎ᠠ ᠬᠠᠪᠢᠳᠠᠯ ᠢ ᠨᠢᠭᠡᠨᠲᠡ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠠᠯᠠᠱᠠ ᠠᠶᠢᠮᠠᠭ ᠤᠨ ᠲᠣᠮᠢᠯᠠᠭᠰᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠬᠢᠵᠢᠭ ᠡᠪᠡᠳᠴᠢᠨ ᠤ ᠪᠠᠶᠢᠴᠠᠭᠠᠯᠲᠠ ᠬᠢᠬᠦ᠂ ᠡᠮᠴᠢᠯᠡᠭᠡᠨ ᠤ ᠠᠪᠤᠷᠠᠨ ᠵᠠᠰᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠠᠵᠢᠯᠲᠠᠨ᠂ ᠪᠥᠭᠡᠮ ᠬᠦᠴᠢᠯ ᠢ ᠪᠠᠶᠢᠴᠠᠭᠠᠬᠤ ᠲᠡᠷᠭᠡ ᠬᠥᠰᠬᠡ ᠪᠣᠯᠤᠨ ᠡᠮᠴᠢᠯᠡᠭᠡᠨ ᠤ ᠲᠥᠬᠦᠭᠡᠷᠦᠮᠵᠢ ᠶᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠶᠠᠭ ᠡᠮᠬᠢ ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ᠃      2021 ᠣᠨ ᠤ 10 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠠᠬᠢᠨ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 9 ︵ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ 5᠂ ᠡᠷᠢᠶᠡᠨ ᠬᠤᠲᠠ ᠳᠤ 4︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ