ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠤᠨ ᠵᠢᠨᠴᠢᠶᠤᠤ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2021/10/20
res01_attpic_brief (3).jpg
      ᠤᠢᠢᠷ᠎ᠠ ᠳᠤ᠂ ᠰᠠᠶᠢᠬᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠬᠥᠭᠵᠢᠮᠴᠢᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ ᠬᠠᠮᠲᠤᠷᠠᠨ ᠡᠷᠬᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠤᠨ ᠵᠢᠨᠴᠢᠶᠤᠤ ᠪᠠᠭ᠎ᠠ ᠰᠤᠷᠭᠠᠭᠤᠯᠢ ᠳᠤ ᠶᠠᠪᠤᠭᠳᠠᠪᠠ᠃       ᠲᠤᠰ ᠠᠵᠢᠯᠯᠠᠭ᠎ᠠ ᠳᠤ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠨᠠᠷᠠᠨᠮᠠᠨᠳᠤᠯ᠎ᠠ ᠶᠢ ᠣᠨᠴᠠᠭᠠᠶᠢᠯᠠᠨ ᠤᠷᠢᠵᠤ ᠮᠣᠷᠢᠨ ᠬᠤᠭᠤᠷ ᠤᠨ ᠰᠣᠶᠣᠯ ᠢ ᠵᠢᠭᠠᠯᠭᠠᠭᠰᠠᠨ ᠪᠥᠭᠡᠳ ︽ᠲᠦᠮᠡᠨ ᠠᠭᠲᠠ ᠶᠢᠨ ᠲᠦᠪᠡᠷᠭᠡᠨ︾ ᠰᠣᠩᠭᠤᠳᠠᠭ ᠬᠥᠭᠵᠢᠮ ᠢ ᠲᠣᠭᠯᠠᠭᠰᠠᠨ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠠᠴᠠ ᠪᠠᠰᠠ ᠮᠤᠷᠢᠨ ᠬᠤᠭᠤᠷ ᠤᠨ ᠬᠥᠭᠵᠢᠯᠲᠡ ᠶᠢᠨ ᠲᠡᠦᠬᠡ᠂ ᠦᠢᠯᠡᠳᠬᠦ ᠤᠷᠠᠯᠠᠯ ᠵᠢᠴᠢ ᠤᠯᠠᠮᠵᠢᠯᠠᠯᠲᠤ ᠦᠯᠢᠭᠡᠷ ᠢ ᠨᠠᠷᠢᠨ ᠲᠠᠨᠢᠯᠴᠠᠭᠤᠯᠵᠤ᠂ ᠰᠤᠷᠤᠭᠴᠢᠳ ᠲᠤ ᠮᠤᠷᠢᠨ ᠬᠤᠭᠤᠷ ᠤᠨ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠠᠵᠢᠯᠯᠠᠭ᠎ᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠠᠴᠠ ᠪᠠᠰᠠ ᠰᠤᠷᠤᠭᠴᠢᠳ ᠢ ᠲᠠᠶᠢᠰᠠᠨ ᠳᠤ ᠤᠷᠢᠨ ᠭᠠᠷᠭᠠᠵᠤ᠂ ᠲᠤᠬᠠᠶ ᠶᠢᠨ ᠲᠠᠯᠠᠪᠤᠷ ᠲᠤ ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ ᠢ ᠵᠢᠭᠠᠵᠠᠢ᠃ ᠰᠤᠷᠪᠤᠯᠵᠢᠯᠠᠭᠴᠢ ᠯᠢᠦ ᠵᠢᠶᠦ᠋ᠨ ᠴᠢᠮᠡᠭᠡᠯᠡᠭᠴᠢ ᠲᠢᠶᠠᠨ ᠷᠦᠢ ᠹᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ