ᠢᠦᠶ ᠴᠢᠤᠸᠠᠨ ᠲᠣᠭᠤᠷᠢᠭ ᠤᠨ ᠬᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠳᠤᠬᠢᠷᠠᠭᠤᠯᠭ᠎ᠠ ᠶᠢᠨ ᠲᠥᠪ ︽ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/20
      ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 2021 ᠣᠨ ᠤ 10 ᠰᠠᠷ᠎ᠠ ᠶᠢᠨ 14 ᠤ ᠦᠳᠡ ᠶᠢᠨ ᠬᠤᠶᠢᠨ᠎ᠠ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠳᠤᠬᠢᠷᠠᠭᠤᠯᠭ᠎ᠠ ᠶᠢᠨ ᠲᠥᠪ ︵ᠢᠦᠢ ᠴᠢᠤᠸᠠᠨ ᠲᠣᠭᠤᠷᠢᠭ ᠤᠨ ᠲᠤᠮᠤ ᠳ᠋ᠠᠶᠢᠲ᠋ᠠ ᠶᠢᠨ ᠲᠥᠪ︶ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠷᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠦᠨᠳᠦᠰᠦᠲᠡᠨ ᠤ ᠠᠵᠢᠯ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠡᠢ᠃ ᠬᠤᠤ ᠰᠢᠶᠠᠩ ᠳ᠋ᠦᠩ ᠨᠥᠬᠦᠷ ᠰᠤᠷᠤᠯᠴᠠᠯᠭ᠎ᠠ ᠶᠢᠨ ᠬᠤᠷᠠᠯ ᠢ ᠡᠷᠬᠢᠯᠡᠵᠦ᠂ ᠹᠧᠩ ᠶᠠᠨ ᠨᠥᠬᠦᠷ ᠤᠨᠤᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠪᠦᠬᠦ ᠨᠠᠮ ᠤᠨ ᠭᠡᠰᠢᠭᠦᠨ᠂ ᠺᠠᠳ᠋ᠷ ᠨᠡᠶᠢᠳᠡ 17 ᠬᠥᠮᠦᠨ ᠬᠤᠷᠠᠯ ᠳᠤ ᠣᠷᠣᠯᠴᠠᠵᠤ ᠰᠤᠷᠤᠯᠴᠠᠪᠠ᠃
1.png
       5 ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠭᠤᠣᠯ ᠰᠡᠳᠦᠪ ᠵᠢᠴᠢ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠠᠨᠢᠨ ᠡᠵᠡᠮᠰᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠶᠢ ᠲᠣᠳᠣᠷᠬᠠᠢ ᠲᠠᠨᠢᠵᠤ᠂ ᠡᠭᠦᠨ ᠤ ᠤᠯᠠᠮ ᠠᠴᠠ ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠵᠥᠪ ᠣᠨᠣᠪᠴᠢᠲᠠᠢ ᠦᠨᠳᠦᠰᠦᠲᠡᠨ ᠤ ᠠᠵᠢᠯ ᠤᠨ ᠠᠷᠭ᠎ᠠ ᠶᠢᠨ ᠤᠨᠤᠯ ᠢ ᠡᠵᠡᠮᠰᠢᠵᠡᠢ᠃ ᠬᠤᠷᠠᠯ ᠠᠴᠠ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠵᠡᠷᠭᠡ ᠠᠭᠤᠯᠭ᠎ᠠ ᠶᠢ ᠰᠤᠷᠤᠯᠴᠠᠪᠠ᠃       ᠬᠠᠮᠲᠤ ᠪᠠᠷ ᠰᠤᠷᠤᠯᠴᠠᠭᠰᠠᠨ ᠤ ᠳᠠᠷᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠳᠤᠬᠢᠷᠠᠭᠤᠯᠭ᠎ᠠ ᠶᠢᠨ ᠲᠥᠪ ᠤᠨ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠦᠨᠳᠦᠰᠦᠲᠡᠨ ᠤ ᠠᠵᠢᠯ ᠤᠨ ᠲᠤᠬᠠᠶ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠲᠤᠰ ᠲᠤᠰ ᠤᠨᠤᠯ ᠤᠨ ᠲᠠᠨᠢᠯᠲᠠ᠂ ᠦᠢᠯᠡᠳᠦᠯᠭᠡ ᠶᠢ ᠤᠶᠠᠯᠳᠤᠭᠤᠯᠬᠤ ᠵᠡᠷᠭᠡ ᠲᠠᠯ᠎ᠠ ᠠᠴᠠ ᠰᠡᠳᠬᠢᠵᠦ ᠪᠤᠳᠤᠭᠰᠠᠨ᠂ ᠰᠡᠷᠡᠵᠦ ᠮᠡᠳᠡᠭᠰᠡᠨ ᠢᠶᠠᠨ ᠶᠠᠷᠢᠵᠤ᠂ ᠦᠨᠳᠦᠰᠦᠲᠡᠨ ᠤ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠠᠭᠤᠯᠭ᠎ᠠ ᠶᠢ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠨᠠᠮ ᠤᠨ ᠭᠡᠰᠢᠭᠦᠨ ᠺᠠᠳ᠋ᠷᠴᠤᠳ ᠤᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠲᠠᠯ᠎ᠠ ᠪᠠᠷ ᠤᠷᠢᠳ ᠢᠶᠠᠷ ᠪᠣᠳᠣᠯᠬᠢᠯᠠᠵᠤ᠂ ᠦᠯᠢᠭᠡᠷ ᠳᠠᠭᠤᠷᠢᠶᠠᠯ ᠪᠣᠯᠬᠤ ᠶᠢ ᠵᠣᠷᠢᠭᠵᠢᠭᠤᠯᠪᠠ᠃       ᠬᠤᠤ ᠰᠢᠶᠠᠩ ᠳ᠋ᠦᠩ ᠨᠥᠬᠦᠷ ᠪᠢᠳᠡᠨ ᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠬᠤ ᠬᠦᠴᠢᠷᠳᠡᠬᠦ ᠵᠣᠪᠠᠨᠢᠬᠤ ᠬᠦᠰᠡᠬᠦ︾ ᠠᠰᠠᠭᠤᠳᠠᠯ᠂ ᠣᠨᠴᠠᠭᠠᠶᠢᠯᠠᠨ ᠦᠨᠳᠦᠰᠦᠲᠡᠨ ᠤ ᠠᠰᠠᠭᠤᠳᠠᠯ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠲᠤᠰᠬᠠᠭᠰᠠᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠲᠤᠬᠢᠷᠠᠭᠤᠯᠬᠤ᠂ ᠮᠡᠳᠡᠭᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠤᠤᠷᠢᠶᠠᠲᠤᠨ ᠲᠠᠭᠠᠵᠦ᠂ ᠰᠢᠪᠠᠳᠠᠨ ᠰᠢᠢᠳᠪᠦᠷᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠬᠦᠰᠡᠯ ᠱᠠᠭᠠᠷᠳᠠᠯᠭ᠎ᠠ ᠶᠢ ᠨᠢᠭᠡᠳ ᠨᠢᠭᠡ ᠪᠠᠷ ᠬᠠᠷᠢᠭᠤᠯᠬᠤ ᠶᠢ ᠪᠠᠲᠤᠯᠠᠨ᠎ᠠ ᠭᠡᠵᠦ ᠢᠯᠡᠳᠬᠡᠵᠡᠢ᠃ ᠪᠤᠰᠤᠳ ᠨᠠᠮ ᠤᠨ ᠭᠡᠰᠢᠭᠦᠨ ᠨᠥᠬᠦᠳ ᠴᠦ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ