ᠨᠠᠢᠮᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠴᠡᠭᠴᠡᠯᠡᠨ ᠰᠠᠶᠢᠵᠢᠷᠠᠭᠤᠯᠬᠤ ᠰᠢᠪᠠᠳᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/10/20
      10 ᠰᠠᠷ᠎ᠠ ᠶᠢᠨ 15 ᠤ ᠦᠳᠡ ᠶᠢᠨ ᠡᠮᠦᠨ᠎ᠡ᠂ ᠨᠠᠢᠮᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠴᠡᠭᠴᠡᠯᠡᠨ ᠰᠠᠶᠢᠵᠢᠷᠠᠭᠤᠯᠬᠤ ᠰᠢᠪᠠᠳᠠᠨ ᠪᠠᠶᠢᠴᠠᠭᠠᠯᠲᠠ ᠬᠢᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠦᠵᠢ᠂ ᠡᠷᠬᠢᠯᠡᠭᠴᠢ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠱᠦᠵᠢ᠂ ᠲᠣᠰᠬᠤᠨ ᠤ ᠱᠦᠵᠢ᠂ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
1.png
      ᠬᠤᠷᠠᠯ ᠳᠡᠭᠡᠷ᠎ᠡ᠂ ᠨᠢᠭᠡ ᠳᠤ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠦ᠋ ᠵᠢᠶᠠᠨ ᠵᠢᠶᠦ᠋ᠨ ᠨᠥᠬᠦᠷ ᠤᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠶᠠᠷ ᠲᠤ ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠶ ᠶᠦᠨ ᠲᠧᠩ ᠨᠥᠬᠦᠷ ᠶᠠᠷᠢᠶ᠎ᠠ ᠲᠠᠯᠪᠢᠪᠠ︔ ᠭᠤᠷᠪᠠ ᠳᠤ᠂ ᠠᠰᠠᠭᠤᠯᠲᠠ ᠶᠢᠨ ᠬᠠᠭᠤᠳᠠᠰᠤ ᠶᠢ ᠰᠢᠯᠭᠠᠨ ᠦᠨᠡᠯᠡᠬᠦ᠂ ᠬᠡᠰᠡᠭ ᠪᠦᠷᠢᠯᠳᠦᠬᠦᠨ ᠲᠠᠢ ᠶᠠᠷᠢᠯᠴᠠᠬᠤ ᠵᠢᠴᠢ ᠰᠢᠪᠠᠳᠠᠨ ᠪᠠᠶᠢᠴᠠᠭᠠᠬᠤ ᠳᠤ ᠬᠤᠪᠢ ᠦᠭᠪᠡ᠃
2.png
      ᠪᠠᠢ ᠶᠦᠨ ᠲᠧᠩ ᠨᠥᠬᠦᠷ᠂ ᠲᠤᠰ ᠤᠳᠠᠭ᠎ᠠ ᠶᠢᠨ ᠴᠠᠭᠳᠠᠨ ᠪᠠᠶᠢᠴᠠᠭᠠᠯᠲᠠ ᠪᠠᠷ ᠳᠠᠮᠵᠢᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨᠬᠦ ᠥᠭᠡᠷᠡᠴᠢᠯᠡᠵᠦ ᠪᠣᠳᠠᠲᠠᠢ ᠥᠭᠡᠷᠡᠴᠢᠯᠡᠬᠦ ᠶᠢ ᠦᠨᠡᠨᠬᠦ ᠪᠡᠶᠡᠯᠡᠭᠦᠯᠵᠦ᠂ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠬᠠᠮᠲᠤ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ