ᠰᠢᠨ᠎ᠡ ᠬᠤᠲᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/10/20
      2021 ᠣᠨ ᠤ 10 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠷᠠᠯ ᠬᠤᠷᠠᠯᠳᠤᠭᠤᠯᠪᠠ᠃
1.jpg
         ᠬᠤᠷᠠᠯ ᠳᠡᠭᠡᠷ᠎ᠡ ᠣᠯᠠᠨ ᠢᠶᠠᠷ ᠢᠶᠠᠨ ᠨᠢᠭᠡᠳᠦᠯᠲᠡᠶ ᠦᠵᠡᠭᠰᠡᠨ ᠨᠢ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠡᠭᠦᠷᠭᠡ ᠱᠠᠭᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠲᠤᠭ ᠲᠡᠮᠳᠡᠭ ᠲᠣᠳᠣᠷᠬᠠᠢ᠂ ᠡᠷᠡᠰ ᠭᠤᠶᠢᠪᠢᠰᠢ ᠦᠭᠡᠢ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠦᠷᠢᠮ ᠤᠨ ᠰᠢᠰᠲ᠋ᠧᠮ ᠢᠶᠠᠷ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠪᠠᠷᠢᠮᠲᠠᠯᠠᠨ᠎ᠠ ᠭᠡᠪᠡ᠃       ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠲᠥᠪ ᠬᠤᠷᠢᠶᠠᠨ ᠤ ᠵᠢᠭᠠᠪᠤᠷᠢ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠪᠠ ᠤᠯᠤᠰ ᠣᠷᠣᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ᠂ ᠨᠠᠮ ᠪᠠ ᠤᠯᠤᠰ ᠣᠷᠣᠨ ᠤ ᠠᠵᠢᠯ ᠤᠨ ᠭᠤᠣᠯᠳᠠᠯᠭ᠎ᠠ ᠬᠠᠮᠢᠭ᠎ᠠ ᠪᠠᠶᠢᠪᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠡᠨᠳᠡ ᠳᠠᠭᠠᠵᠤ᠂ ᠬᠦᠴᠦᠨ ᠴᠢᠳᠠᠯ ᠢ ᠲᠡᠨᠳᠡ ᠲᠥᠪᠯᠡᠷᠡᠭᠦᠯᠵᠦ᠂ ᠦᠢᠯᠡᠳᠦᠯ ᠢ ᠲᠡᠨᠳᠡ ᠬᠦᠷᠲᠡᠯ᠎ᠡ ᠪᠠᠳᠠᠷᠠᠭᠤᠯᠬᠤ ᠶᠢ ᠦᠨᠡᠨ ᠬᠦ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠶᠢ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢᠨ ᠴᠢᠬᠤᠯᠠ ᠢᠯᠡᠷᠡᠯ ᠪᠤᠯᠭᠠᠬᠤ ᠬᠡᠷᠡᠭᠲᠡᠢ᠃ ᠡᠭᠦᠨ ᠤ ᠬᠠᠮᠲᠤ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠢ ᠨᠡᠩ ᠰᠠᠶᠢᠨ ᠢᠶᠠᠷ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠬᠤ ᠤᠯᠤᠰ ᠲᠦᠷᠦ ᠶᠢᠨ ᠪᠠᠶᠢᠭᠤᠯᠭ᠎ᠠ᠂ ᠲᠦᠷᠦ ᠶᠢᠨ ᠡᠷᠬᠡᠲᠦ ᠪᠠᠶᠢᠭᠤᠯᠭ᠎ᠠ᠂ ᠠᠵᠢᠯ ᠤᠨ ᠪᠠᠶᠢᠭᠤᠯᠭ᠎ᠠ᠂ ᠲᠥᠯᠥᠭᠡᠯᠡᠬᠦ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ