ᠰᠢᠨ᠎ᠡ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠴᠢᠩᠭᠢᠰ ᠬᠠᠭᠠᠨ ᠤ ᠬᠤᠪᠢᠶᠠᠷᠢ ᠲᠣᠪᠴᠢᠶ᠎ᠠ ᠴᠢᠩᠭᠢᠰ ᠬᠠᠭᠠᠨ ᠵᠡᠭᠡᠯᠢ ᠭᠤᠳᠤᠮᠵᠢ ᠶᠢᠨ ᠠᠯᠪᠠᠨ ᠬᠡᠷ ᠲᠤ ᠪᠠᠶᠢᠭᠠᠯᠢ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠤᠨ ᠰᠦᠢᠳᠬᠡᠯ ᠤᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠣᠯᠪᠠᠰᠤᠷᠠᠭᠤᠯᠤᠯ ᠤᠨ ᠬᠤᠷᠠᠯ ᠥᠷᠨᠢᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2021/10/20
      ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠰᠠᠶ᠋ᠢ ᠲᠦᠷᠦᠭᠰᠡᠨ ᠬᠡᠦᠬᠡᠳ ᠤᠨ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠨᠢ ᠥᠷᠭᠡᠨ ᠤᠯᠠᠨ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠃ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ ᠰᠢᠨ᠎ᠡ ᠬᠤᠲᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠴᠢᠩᠭᠢᠰ ᠬᠠᠭᠠᠨ ᠤ ᠬᠤᠪᠢᠶᠠᠷᠢ ᠲᠣᠪᠴᠢᠶ᠎ᠠ ᠶᠢᠨ ᠠᠵᠢᠯᠲᠠᠳ ᠴᠢᠩᠭᠢᠰ ᠬᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 5 ᠳ᠋ᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠠᠷᠢᠶᠠᠲᠤ ᠣᠷᠣᠨ ᠤ ᠡᠯ᠎ᠡ ᠨᠡᠶᠢᠭᠡᠮ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠲᠤᠰᠬᠠᠶ ᠲᠤᠰᠢᠶᠠᠯᠲᠠᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠣᠯᠪᠠᠰᠤᠷᠠᠭᠤᠯᠤᠯ ᠥᠷᠨᠢᠭᠦᠯᠪᠡ᠃
1.png
      ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠨᠡᠶᠢᠭᠡᠮ ᠤᠨ ᠳᠠᠭᠠᠳᠬᠠᠯ ᠤᠨ ᠲᠤᠰᠬᠠᠶ ᠲᠤᠰᠢᠶᠠᠯᠲᠠᠨ ᠳᠤ ᠰᠦᠢᠳᠬᠡᠯ ᠲᠤᠰᠢᠶᠠᠬᠤ ᠶᠠᠪᠤᠴᠠ ᠶᠢ ᠨᠠᠷᠢᠨ ᠲᠠᠶᠢᠯᠪᠤᠷᠢᠯᠠᠵᠤ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠬᠤᠶᠠᠷ ᠬᠡᠮᠵᠢᠯᠳᠦ ᠲᠡᠮᠳᠡᠭ ᠢᠶᠠᠷ ᠰᠦᠢᠳᠬᠡᠯ ᠲᠤᠰᠢᠶᠠᠬᠤ ᠶᠠᠪᠤᠳᠠᠯ ᠢ ᠬᠡᠷᠬᠢᠨ ᠬᠡᠷᠡᠭᠯᠡᠬᠦ ᠲᠤᠬᠠᠶ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠣᠳᠣᠬᠠᠨ ᠳᠤ ᠭᠠᠷ ᠤᠲᠠᠰᠤᠨ ᠤ ᠥᠪᠡᠰᠦᠪᠡᠨ ᠰᠦᠢᠳᠬᠡᠯ ᠲᠤᠰᠢᠶᠠᠬᠤ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠠᠴᠠ ᠪᠦᠬᠦᠨ ᠢ ᠪᠠᠲᠤᠯᠠᠬᠤ ᠰᠦᠢᠳᠬᠡᠯ ᠲᠤᠰᠢᠶᠠᠬᠤ  ᠦᠢᠯᠡᠴᠢᠯᠡᠭᠡᠨ ᠤ ᠰᠢᠰᠲ᠋ᠧᠮ ᠪᠣᠯᠤᠨ᠎ᠠ᠃ ᠣᠳᠣᠬᠠᠨ ᠳᠤ ᠸᠢᠴᠠᠲ ᠤᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠢᠳᠠᠮᠵᠢ ᠶᠢ ᠭᠠᠷ ᠤᠲᠠᠰᠤᠨ ᠳᠡᠭᠡᠷ᠎ᠡ ᠥᠪᠡᠰᠦᠪᠡᠨ  ᠰᠦᠢᠳᠬᠡᠯ ᠲᠤᠰᠢᠶᠠᠵᠤ ᠪᠣᠯᠤᠨ᠎ᠠ᠂ ᠡᠭᠦᠨ ᠤ ᠵᠡᠷᠭᠡ ᠳᠤ᠂ ᠨᠠᠰᠤᠲᠠᠶᠢᠴᠤᠳ ᠪᠠ ᠭᠠᠷ ᠤᠲᠠᠰᠤ ᠴᠥᠭᠡᠨ ᠬᠡᠷᠡᠭᠯᠡᠳᠡᠭ ᠬᠤᠲᠠ ᠶᠢᠨ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠭᠠᠶᠢᠯᠢ ᠭᠦᠢᠴᠡᠳᠬᠡᠬᠦ ᠲᠢᠩᠬᠢᠮ ᠳᠤ ᠮᠥᠨ ᠪᠡᠯᠡᠨ ᠵᠣᠭᠤᠰ ᠢᠶᠠᠷ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠵᠢᠴᠢ ᠪᠠᠩᠬᠢ ᠶᠢᠨ ᠬᠤᠯᠪᠣᠭᠠᠨ ᠤ ᠪᠠᠶᠢᠭᠤᠯᠤᠮᠵᠢ ᠶᠢᠨ ᠤᠶᠤᠨᠲᠤ POS ᠮᠠᠰᠢᠨ ᠢᠶᠠᠷ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠲᠤᠰᠢᠶᠠᠬᠤ ᠪᠣᠯᠤᠨ᠎ᠠ᠃ ᠰᠠᠭᠤᠭᠠᠯᠢ ᠠᠷᠠᠳ ᠤᠨ ᠲᠤᠰᠢᠶᠠᠬᠤ ︽ᠰᠦᠯᠵᠢᠶᠡᠨ ᠳᠡᠭᠡᠷ᠎ᠡ︾ ᠪᠤᠶᠤ ︽ᠰᠦᠯᠵᠢᠶᠡᠨ ᠠᠴᠠ ᠭᠠᠳᠠᠨ᠎ᠠ︾ ᠭᠡᠰᠡᠨ ᠥᠬᠡᠶ ᠴᠥᠮ ᠥᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ᠂ ᠥᠪᠡᠷ ᠤᠨ ᠪᠡᠶ᠎ᠡ ᠳᠡᠭᠡᠨ ᠳᠣᠭᠢᠷᠠᠬᠤ ᠰᠦᠢᠳᠬᠡᠯ ᠲᠤᠰᠢᠶᠠᠬᠤ ᠠᠷᠭ᠎ᠠ ᠵᠠᠮ ᠢ ᠰᠣᠩᠭᠤᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠪᠡᠶᠡᠯᠡᠭᠦᠯᠵᠦ ᠪᠣᠯᠤᠨ᠎ᠠ᠃       ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠡᠷ ᠠᠴᠠ ᠪᠠᠨ ᠭᠠᠷᠬᠤ ᠥᠬᠡᠶ ᠪᠠᠶᠢᠳᠠᠯ ᠳᠣᠤᠷ᠎ᠠ ᠥᠪᠡᠷ ᠤᠨ ᠪᠠ ᠬᠡᠷ ᠤᠨ ᠬᠥᠮᠦᠰ ᠤᠨ ᠢᠶᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠵᠤ᠂ ᠰᠠᠭᠤᠭᠠᠯᠢ ᠠᠷᠠᠳ ᠤᠨ ︽ᠢᠯᠡᠭᠦᠤ ᠵᠠᠮ ᠬᠥᠭᠡᠭᠡᠬᠦ︾ ᠠᠴᠠ ᠵᠠᠶᠢᠯᠠᠰᠬᠢᠨ᠎ᠡ᠃  
ᠢᠷᠡᠯᠲᠡ᠄ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ