ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠮᠥᠩᠬᠡ ᠰᠤᠪᠠᠭ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/10/20
      ︽ᠮᠥᠩᠬᠡ ᠰᠤᠪᠠᠭ︾ ᠤᠨ ᠠᠵᠢᠯ ᠢ ᠤᠯᠠᠮ ᠨᠢᠭᠡ ᠠᠯᠬᠤᠮ ᠶᠠᠪᠣᠭᠳᠠᠭᠤᠯᠵᠤ᠂ ︽ᠮᠥᠩᠬᠡ ᠰᠤᠪᠠᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠲᠡᠮᠳᠡᠭᠲᠦ ᠶᠢᠨ ᠲᠤᠬᠠᠶ ᠠᠵᠤ ᠠᠬᠤᠶᠢᠯᠠᠯ ᠪᠠ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠪᠠ ᠠᠩᠬᠠᠷᠬᠤ ᠬᠡᠮᠵᠢᠶ᠎ᠡ ᠶ᠋᠊ ᠳᠡᠭᠡᠭᠰᠢᠯᠡᠭᠦᠯᠬᠦ ᠶᠢᠨ ᠲᠤᠰᠠᠳᠠ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢᠭᠡᠳᠦᠯᠲᠡᠶ ᠲᠥᠯᠥᠪᠯᠡᠨ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠭᠦᠢᠴᠡᠳ ᠬᠡᠷᠡᠭᠯᠡᠨ᠂ ︽ᠮᠥᠩᠬᠡ ᠰᠤᠪᠠᠭ︾ ᠢ ᠬᠠᠮᠲᠤᠪᠠᠷ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠪᠠ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠠᠠᠴᠠᠵᠢᠭᠤᠯᠬᠤ ᠲᠠᠪᠴᠠᠩ᠂ ︽ᠮᠥᠩᠬᠡ ᠰᠤᠪᠠᠭ︾ ᠤᠨ ᠲᠤᠰᠬᠠᠶ ᠪᠣᠯᠣᠩ ᠳᠤ ᠲᠦᠰᠢᠭᠯᠡᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠴᠤᠪᠤᠷᠠᠯ ᠵᠢᠷᠤᠭ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠤ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠳᠤ ᠦᠨᠡᠨᠬᠦ ᠦᠵᠡᠭᠦᠯᠵᠦ᠂ ᠤᠯᠬᠤ ᠳᠤ ᠬᠢᠯᠪᠠᠷ᠂ ᠣᠷᠣᠯᠴᠠᠬᠤ ᠳᠤ ᠠᠮᠠᠷᠬᠠᠨ ᠪᠣᠯᠭᠠᠨ᠎ᠠ᠃ ᠤᠷᠢᠳ ᠬᠤᠵᠢᠳ ᠵᠢᠵᠢᠭ ᠸᠢᠳᠢᠣ᠋᠂ ᠵᠢᠵᠢᠭ ᠺᠠᠷᠲ᠋ᠣᠨ ᠵᠢᠷᠤᠭ ᠦᠢᠯᠡᠳᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠦᠬᠦ ᠺᠠᠳ᠋ᠷ ᠠᠵᠢᠯᠳᠠᠨ ᠠᠵᠢᠯᠴᠢᠨ ᠢ ᠲᠠᠶᠢᠴᠢᠯᠠᠨ ᠳᠠᠮᠵᠢᠭᠤᠯᠬᠤ ᠬᠡᠯᠪᠡᠷᠢ ᠪᠠᠷ ᠥᠪᠡᠷ ᠥᠪᠡᠷ ᠤᠨ ᠨᠠᠶᠢᠵᠠ ᠶᠢᠨ ᠲᠣᠭᠤᠷᠢᠭ ᠲᠠᠭᠠᠨ ᠥᠷᠭᠡᠨ ᠢᠶᠠᠷ ᠤᠬᠠᠭᠤᠯᠪᠠ᠃ ᠡᠭᠦᠨ ᠤ ᠬᠠᠮᠲᠤ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠠᠴᠠ ᠲᠣᠰ ᠲᠣᠰ ︽ᠮᠥᠩᠬᠡ ᠰᠤᠪᠠᠭ︾ ᠢ ᠲᠤᠰᠬᠠᠶ ᠰᠡᠳᠦᠪ ᠢᠶᠠᠷ ᠮᠡᠳᠡᠭᠡᠯᠡᠪᠡ᠃       ᠡᠨᠡ ᠵᠢᠯ ᠠᠴᠠ ᠨᠠᠰᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠬᠠᠭᠤᠯᠭ᠎ᠠ ᠶᠢᠨ ᠵᠢᠵᠢᠭ ᠡᠩᠨᠡᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ᠂ ᠠᠭᠤᠳᠠᠮ ᠲᠠᠯᠠᠪᠠᠶ᠂ ᠠᠵᠤ ᠠᠬᠤᠶᠢᠯᠠᠯ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠣᠯᠠᠨᠲᠠ ᠬᠦᠷᠴᠦ᠂ ᠡᠯᠭᠦᠭᠡ ᠪᠢᠴᠢᠭᠡᠰᠦ ᠲᠠᠲᠠᠬᠤ᠂ ᠳᠡᠯᠭᠡᠨ ᠦᠵᠡᠭᠦᠯᠬᠦ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠤᠬᠠᠭᠤᠯᠭ᠎ᠠ ᠬᠢᠵᠦ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ︽︿ᠮᠥᠩᠬᠡ ᠰᠤᠪᠠᠭ · ᠨᠢᠭᠡ ᠯᠡ ᠤᠳᠠᠭ᠎ᠠ ᠳᠤ ᠤᠴᠢᠷ ᠶᠠᠪᠤᠳᠠᠯ ᠢ ᠭᠦᠢᠴᠡᠳᠬᠡᠭᠰᠡᠨ ᠨᠠᠷᠢᠨ ᠲᠠᠩᠰᠠ︾ ᠵᠡᠷᠭᠡ ᠤᠬᠠᠭᠤᠯᠭ᠎ᠠ ᠶᠢᠨ ᠡᠪᠬᠡᠮᠡᠯ ᠬᠠᠭᠤᠳᠠᠰᠤ᠂ ᠭᠠᠷ ᠳᠡᠪᠲᠡᠷ ᠲᠠᠷᠬᠠᠭᠠᠵᠤ ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ LED ᠡᠯᠧᠺᠲᠷᠣᠨ ᠳᠡᠯᠭᠡᠴᠡ ᠳᠡᠭᠡᠷ᠎ᠡ ᠤᠬᠠᠭᠤᠯᠭ᠎ᠠ ᠶᠢᠨ ᠹᠢᠯᠢᠮ ᠢ ᠣᠷᠳᠣ ᠬᠤᠭᠤᠴᠠᠭ᠎ᠠ ᠪᠠᠷ ᠨᠡᠪᠲᠡᠷᠡᠭᠦᠯᠵᠦ᠂ ᠢ ᠯᠡ ᠪᠦᠦ ᠶᠢᠨ ᠤᠬᠠᠭᠤᠯᠭ᠎ᠠ ᠶᠢᠨ ᠵᠢᠷᠤᠭᠲᠤ ᠳᠡᠪᠲᠡᠷ ᠢ ᠨᠡᠶᠢᠲᠡ 10 ᠬᠤᠪᠢ ᠦᠢᠯᠡᠳᠴᠦ᠂ ᠶᠡᠭᠡ ᠲᠢᠩᠬᠢᠮ ᠤᠨ ᠡᠭᠦᠳᠡ ᠴᠣᠩᠬᠤ᠂ ᠦᠵᠡᠭᠦᠯᠭᠡ ᠶᠢᠨ ᠰᠠᠮᠪᠠᠷ᠎ᠠ ᠵᠡᠷᠭᠡ ᠢᠯᠡᠷᠬᠡᠶ ᠭᠠᠵᠠᠷ ᠲᠤ ᠲᠡᠮᠳᠡᠭ ᠨᠠᠭᠠᠵᠤ᠂ ︽ᠮᠥᠩᠬᠡ ᠰᠤᠪᠠᠭ︾ ᠭᠡᠬᠦ ᠥᠰᠥᠭ ᠢ ᠣᠯᠠᠨ ᠲᠦᠮᠡᠨ ᠤ ᠨᠢᠳᠦᠨ ᠡᠮᠦᠨ᠎ᠡ ᠢᠯᠡᠷᠡᠭᠦᠯᠬᠦ ᠶᠢ ᠦᠨᠡᠨᠬᠦ ᠪᠠᠲᠤᠯᠠᠨ᠎ᠠ᠃       ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠡᠬᠢ ᠪᠠᠶᠠᠯᠢᠭ ᠢ ᠦᠷᠭᠦᠯᠵᠢᠯᠡᠨ ᠡᠮᠬᠢᠯᠡᠨ ᠨᠡᠶᠢᠯᠡᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠪᠠᠭᠤᠯᠭᠠᠨ ᠠᠪᠴᠤ ᠬᠡᠷᠡᠭᠯᠡᠬᠦ ᠶᠢ ᠰᠠᠨᠠᠭᠠᠴᠢᠯᠠᠨ ᠬᠠᠪᠰᠤᠷᠬᠤ ᠪᠠ ᠵᠢᠯᠣᠭᠤᠳᠴᠤ᠂ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠠᠭ ᠲᠤᠬᠠᠶ ᠳᠤᠨᠢ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠭᠠᠨ ᠬᠤᠪᠢᠷᠠᠭᠤᠯᠬᠤ ᠪᠣᠯᠣᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ