ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠡᠮᠴᠢᠯᠡᠭᠡᠨ ᠤ ᠰᠦᠢᠳᠬᠡᠯ ᠬᠤᠷᠢᠶᠠᠬᠤ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/10/20
      ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠰᠦᠢᠳᠬᠡᠯ ᠲᠤᠰᠢᠶᠠᠬᠤ ᠳᠤ ᠲᠦᠪᠡᠭᠲᠡᠶ᠂ ᠲᠠᠩᠰᠠ ᠲᠠᠶᠢᠯᠬᠤ ᠨᠢ ᠤᠳᠠᠭᠠᠨ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠃ 10 ᠰᠠᠷ᠎ᠠ ᠶᠢᠨ 18 ᠤ ᠡᠳᠦᠷ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠥᠬᠦ ᠰᠢᠶᠠᠨ ᠤ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃       ᠬᠤᠷᠠᠯ ᠠᠴᠠ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠠᠷᠤᠭ᠎ᠠ ᠰᠢᠤᠢ ᠹᠧᠩ ᠮᠧᠶ ᠶᠢ ᠤᠷᠢᠵᠤ ᠲᠤᠰ ᠤᠳᠠᠭᠠᠨ ᠤ ᠬᠤᠷᠠᠯ ᠳᠤ ᠣᠷᠣᠯᠴᠠᠭᠤᠯᠵᠠᠶ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ᠂ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠰᠢᠤᠢ ᠹᠧᠩ ᠮᠧᠶ ᠡᠩ ᠲᠡᠷᠢᠭᠦᠨ ᠳᠤ ᠬᠥᠬᠡᠬᠤᠲᠠ ᠶᠢᠨ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠡᠭᠦᠷᠭᠡ ᠶᠢᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠮᠠᠨ ᠤ ᠰᠢᠶᠠᠨ ᠤ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠵᠦ᠂ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠢ ᠴᠢᠬᠤᠯᠠᠴᠢᠯᠠᠨ᠂ ᠠᠵᠢᠯ ᠤᠨ ᠠᠬᠢᠴᠠ ᠶᠢᠨ ᠵᠠᠩᠭᠢᠯᠠᠭ᠎ᠠ ᠶᠢᠨ ᠴᠡᠭ ᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢᠨ ᠠᠵᠢᠯ ᠳᠤ ᠬᠡᠷᠡᠭᠵᠢᠭᠦᠯᠦᠭᠦᠰᠢᠲᠡᠶ ᠰᠠᠨᠠᠯ ᠰᠠᠨᠠᠭᠤᠯᠭ᠎ᠠ ᠳᠤᠷᠠᠳᠪᠠ᠃ ᠥᠪᠥᠷ ᠮᠣᠩᠭᠤᠯ ᠤᠨ ᠶᠢᠨ ᠼᠠᠢ ᠺᠣᠮᠫᠠᠨᠢ ᠶᠢᠨ ᠲᠤᠰᠬᠠᠶ ᠮᠡᠷᠭᠡᠵᠢᠯ ᠤᠨ ᠠᠵᠢᠯᠲᠠᠨ ᠡᠮᠴᠢᠯᠡᠭᠡᠨ ᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠬᠢ ᠪᠣᠳᠠᠲᠠᠶ ᠠᠰᠠᠭᠤᠳᠠᠯ ᠳᠤ ᠴᠢᠭᠯᠡᠭᠦᠯᠦᠨ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠨᠢ ᠬᠠᠷᠢᠭᠤᠯᠵᠠᠶ᠃       ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠨᠡᠪᠲᠡᠷᠡᠯᠴᠡᠭᠡ ᠬᠠᠮᠵᠢᠯᠴᠠᠭ᠎ᠠ ᠶᠢ ᠦᠨᠡᠨᠬᠦ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠥᠬᠦ ᠰᠢᠶᠠᠨ ᠤ ᠡᠮ ᠡᠮᠨᠡᠯᠭᠡ ᠶᠢᠨ ᠰᠦᠢᠳᠬᠡᠯ ᠬᠤᠷᠢᠶᠠᠬᠤ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠥᠷᠨᠢᠭᠦᠯᠬᠦ ᠬᠠᠷᠠᠯᠲᠠᠲᠤ ᠲᠥᠯᠥᠪᠯᠡᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ