ᠭᠤᠤ ᠹᠧᠩ ᠬᠤᠷᠢᠨᠭᠡᠷ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2021/10/20
 
10.20高峰调研我县重点项目建设进展情况.jpg
      10 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠹᠧᠩ ᠮᠠᠨ ᠤ ᠰᠢᠶᠠᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠠᠭ ᠢ ᠵᠠᠪᠳᠤᠬᠤ᠂ ᠠᠬᠢᠴᠠ ᠶᠢ ᠵᠠᠪᠳᠤᠬᠤ᠂ ᠶᠠᠰᠤ ᠴᠢᠨᠠᠷ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠢᠯ ᠤᠨ ᠡᠷᠲᠡᠬᠡᠨ ᠪᠠᠶᠢᠭᠤᠯᠤᠭᠳᠠᠵᠤ᠂ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠭᠤᠤ ᠹᠧᠩ ᠤᠷᠢᠳ ᠬᠤᠵᠢᠳ ᠵᠢᠶᠠ ᠭᠦᠸᠧ ᠯᠦᠩ ᠭᠦᠩᠹᠦ᠋ ᠨᠣᠭᠤᠭ᠎ᠠ ᠲᠠᠰ ᠠᠴᠠ ᠳᠠᠪᠠᠭᠰᠠᠨ ᠲᠥᠪ ᠤᠨ ᠲᠣᠭᠤᠭᠠᠨ ᠭᠡᠷ ᠤᠨ ᠲᠦᠷᠦᠯ ᠵᠦᠢᠯ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠢᠨ᠎ᠡ ᠮᠠᠯᠴᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠨᠠᠢᠮᠠᠨ ᠲᠦᠮᠡᠨ ᠰᠠᠭᠠᠯᠢ ᠶᠢᠨ ᠦᠨᠢᠶ᠎ᠡ ᠶᠢᠨ ᠲᠠᠯᠠᠪᠠᠢ ᠶᠢᠨ ᠳᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ᠂ ᠴᠢᠩ ᠾᠧ ᠮᠠᠯ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠦᠷᠴᠦ᠂ ᠲᠤᠬᠠᠶ ᠶᠢᠨ ᠲᠠᠯᠠᠪᠤᠷ ᠢ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠪᠠᠶᠢᠳᠠᠯ ᠢ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠢ ᠳᠥᠯᠭᠢᠨ ᠠᠬᠢᠭᠤᠯᠬᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥᠯ ᠵᠦᠢᠯ ᠢ ᠳᠥᠯᠭᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠭᠦᠨᠵᠡᠭᠡᠶ ᠣᠶᠢᠯᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠲᠥᠷᠥᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃       ᠭᠤᠤ ᠹᠧᠩ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨᠬᠦ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠵᠦᠢᠯ ᠤᠨ ᠪᠠᠷᠢᠯᠭ᠎ᠠ ᠪᠠᠷᠢᠬᠤ ᠨᠢᠭᠡᠴᠡ ᠨᠦᠭᠦᠳ ᠪᠠᠷᠢᠯᠭ᠎ᠠ ᠶᠢᠨ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠵᠤ᠂ ᠶᠠᠰᠤ ᠴᠢᠨᠠᠷ ᠪᠣᠯᠤᠨ ᠠᠶᠣᠯᠭᠦᠢ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠮᠠᠰᠢᠨ ᠢᠶᠠᠨ ᠭᠦᠢᠴᠡᠳ ᠭᠠᠷᠭᠠᠵᠤ᠂ ᠠᠵᠢᠯᠳᠠᠨ ᠢᠶᠠᠨ ᠪᠦᠷᠢᠳᠦᠭᠦᠯᠦᠨ᠂ ᠪᠠᠷᠢᠯᠭ᠎ᠠ ᠪᠠᠷᠢᠬᠤ ᠲᠥᠰᠦᠯ ᠢᠶᠠᠨ ᠰᠢᠯᠢᠳᠡᠭᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠣᠳᠣᠬᠠᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠰᠢᠭᠲᠠᠶ ᠴᠠᠭ ᠲᠣᠬᠢᠶᠠᠯ ᠢ ᠵᠠᠪᠳᠤᠨ ᠠᠳᠬᠤᠵᠤ᠂ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ᠂ ᠳᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ᠂ ᠡᠷᠲᠡᠬᠡᠨ ᠠᠰᠢᠭ ᠬᠦᠷᠳᠡᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠤ ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃       ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤ ᠵᠢᠴᠢ ᠠᠵᠤ ᠠᠬᠤᠶᠢᠯᠠᠯ ᠤᠨ ᠲᠦᠷᠦᠯ ᠵᠦᠢᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ